10 ᠳ᠋ᠤᠭᠠᠷ ᠰᠠᠷ᠎ᠠ ᠶᠢᠨ 31 ᠤ ᠡᠳᠦᠷ᠂ ᠪᠦᠬᠦ ᠰᠢᠶᠠᠨ ᠤ ᠬᠤᠶᠠᠳᠤᠭᠠᠷ ᠡᠭᠡᠯᠵᠢ ᠶᠢᠨ ᠶᠡᠭᠡ | ᠬᠡᠪᠴᠢᠶᠡᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠡᠬᠢᠯᠡᠪᠡ᠃ ᠰᠢᠶᠠᠨ ᠤ ᠰᠢᠨ᠎ᠡ ᠲᠢᠲᠢᠮᠯᠢᠭ ᠸᠢᠷᠦ᠋ᠰ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠤᠨ ᠵᠠᠮ ᠬᠠᠷᠢᠯᠴᠠᠭᠠᠨ ᠤ | ᠵᠢᠯᠣᠭᠤᠳᠬᠤ ᠳᠤᠭᠤᠶᠢᠯᠠᠩ ᠤᠨ ᠱᠠᠭᠠᠷᠳᠠᠯᠭ᠎ᠠ ᠶᠣᠰᠣᠭᠠᠷ᠂ ᠵᠠᠮ ᠬᠠᠷᠢᠯᠴᠠᠭᠠᠨ ᠤ ᠪᠠᠲᠤᠯᠠᠭ᠎ᠠ ᠶᠢᠨ | ᠳᠤᠭᠤᠶᠢᠯᠠᠩ ᠠᠴᠠ ᠰᠢᠶᠠᠨ ᠤ ᠵᠠᠮ ᠲᠡᠭᠡᠭᠡᠪᠦᠷᠢ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠳᠤ | ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠥᠯᠢᠭᠡᠷ ᠡᠳ᠋ ᠢ | ᠲᠥᠪᠯᠡᠷᠡᠭᠦᠯᠦᠨ ᠰᠢᠯᠵᠢᠭᠦᠯᠦᠨ ᠲᠡᠭᠡᠭᠡᠪᠦᠷᠢᠯᠡᠬᠦ ᠴᠢᠭ ᠤᠨ ᠲᠦᠷ ᠴᠠᠭ ᠤᠨ ᠨᠠᠮ ᠤᠨ ᠡᠭᠦᠷ ᠢ ᠴᠠᠭ ᠲᠤᠬᠠᠶ ᠳᠤᠨᠢ | ᠪᠠᠶᠢᠭᠤᠯᠵᠤ᠂ ᠶᠡᠭᠡ ᠬᠡᠪᠴᠢᠶᠡᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠥᠯᠢᠭᠡᠷ ᠡᠳ᠋ ᠢ | ᠰᠢᠯᠵᠢᠭᠦᠯᠦᠨ ᠲᠡᠭᠡᠭᠡᠪᠦᠷᠢᠯᠡᠬᠦ ᠠᠵᠢᠯ ᠤᠨ ᠴᠤᠪᠤᠷᠠᠯ ᠢ ᠲᠣᠭᠲᠠᠭᠠᠨ᠂ ᠲᠦᠷᠢᠶᠡᠰᠦᠨ ᠮᠠᠰᠢᠨ ᠲᠡᠷᠭᠡᠨ ᠤ ᠪᠠᠴᠢᠮ | ᠪᠠᠶᠢᠳᠠᠯ ᠢ ᠠᠷᠭᠠᠴᠠᠬᠤ ᠲᠡᠷᠭᠡᠨ ᠠᠩᠭᠢ ᠶᠢᠨ 11 ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ ᠶᠢ ᠡᠬᠢᠯᠡᠨ | ᠬᠡᠷᠡᠭᠯᠡᠵᠦ᠂ ᠪᠥᠬᠦ ᠰᠢᠶᠠᠨ ᠤ 5 ᠰᠢᠶᠠᠩ ᠪᠠᠯᠭᠠᠰᠤ᠂ 1 ᠠᠵᠤ ᠦᠢᠯᠡᠳᠪᠦᠷᠢ ᠶᠢᠨ ᠬᠦᠷᠢᠶᠡᠯᠡᠩ᠂ ᠬᠠᠲᠤᠨ | ᠭᠤᠤᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ ᠤᠨ ᠨᠡᠶᠢᠲᠡ 120 ᠪᠥᠭᠡᠮ ᠬᠦᠴᠢᠯ ᠤᠨ | ᠪᠠᠶᠢᠴᠠᠭᠠᠨ ᠬᠡᠮᠵᠢᠯᠲᠡ ᠶᠢᠨ ᠥᠯᠢᠭᠡᠷ ᠡᠳ᠋ ᠴᠤᠭᠯᠠᠭᠤᠯᠬᠤ ᠴᠢᠭ ᠤᠨ ᠥᠯᠢᠭᠡᠷ ᠡᠳ᠋ ᠢ ᠰᠢᠯᠵᠢᠭᠦᠯᠦᠨ ᠲᠡᠭᠡᠭᠡᠪᠦᠷᠢᠯᠡᠬᠦ | ᠡᠭᠦᠷᠭᠡ ᠶᠢ ᠡᠭᠦᠷᠭᠡᠯᠡᠪᠡ᠃ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠥᠯᠢᠭᠡᠷ ᠤᠨ ᠴᠤᠭᠯᠠᠷᠠᠯ ᠢ ᠠᠶᠦᠯᠭᠦᠢ᠂ | ᠡᠮᠬᠢ ᠵᠢᠷᠤᠮ ᠲᠠᠢ᠂ ᠴᠠᠭ ᠲᠤᠬᠠᠶ ᠳᠤᠨᠢ ᠵᠢᠭᠠᠨ ᠲᠣᠭᠲᠠᠭᠠᠭᠰᠠᠨ ᠪᠠᠶᠢᠴᠠᠭᠠᠨ ᠰᠢᠯᠭᠠᠬᠤ ᠪᠠᠶᠢᠭᠤᠯᠤᠮᠵᠢ ᠳᠤ | ᠰᠢᠯᠵᠢᠭᠦᠯᠦᠨ ᠲᠡᠭᠡᠭᠡᠪᠦᠷᠢᠯᠡᠬᠦ ᠶᠢ ᠦᠨᠡᠨᠬᠦ ᠪᠠᠳᠤᠯᠠᠪᠠ᠃ | | | | | | | | | ᠪᠥᠭᠡᠮ ᠬᠦᠴᠢᠯ ᠢ ᠪᠠᠶᠢᠴᠠᠭᠠᠨ ᠰᠢᠯᠭᠠᠬᠤ ᠥᠯᠢᠭᠡᠷ ᠡᠳ᠋ ᠢ ᠲᠥᠪᠯᠡᠷᠡᠭᠦᠯᠦᠨ ᠰᠢᠯᠵᠢᠭᠦᠯᠦᠨ ᠵᠥᠭᠡᠭᠡᠪᠦᠷᠢᠯᠡᠬᠦ | ᠴᠢᠭ ᠤᠨ ᠲᠦᠷ ᠴᠠᠭ ᠤᠨ ᠨᠠᠮ ᠤᠨ ᠡᠭᠦᠷ ᠡᠭᠦᠷᠭᠡ ᠶᠢ ᠬᠦᠯᠢᠶᠡᠵᠦ ᠠᠪᠤᠭᠰᠠᠨ ᠤ ᠳᠠᠷᠠᠭ᠎ᠠ ᠳᠠᠷᠦ᠋ᠢᠬᠠᠨ | ᠲᠦᠷᠢᠶᠡᠰᠦᠨ ᠮᠠᠰᠢᠨ ᠲᠡᠷᠭᠡᠨ ᠤ ᠪᠠᠴᠢᠮ ᠪᠠᠶᠢᠳᠠᠯ ᠢ ᠠᠷᠭᠠᠴᠠᠬᠤ ᠲᠡᠷᠭᠡᠨ ᠤ ᠠᠩᠭᠢ ᠶᠢᠨ ᠭᠤᠤᠯ | ᠬᠠᠷᠢᠭᠤᠴᠠᠯᠭᠠᠲᠠᠨ ᠺᠣᠮᠫᠠᠨᠢ ᠳᠤ ᠴᠤᠭᠯᠠᠭᠤᠯᠤᠨ ᠪᠠᠴᠢᠮ ᠬᠤᠷᠠᠯ ᠬᠤᠷᠠᠯᠳᠤᠭᠤᠯᠵᠤ᠂ ᠦᠵᠡᠯ ᠰᠠᠨᠠᠭ᠎ᠠ ᠪᠠᠨ | ᠨᠢᠭᠡᠳᠬᠡᠨ᠂ ᠲᠠᠨᠢᠯᠲᠠ ᠪᠠᠨ ᠳᠡᠭᠡᠭᠰᠢᠯᠡᠭᠦᠯᠵᠦ᠂ ᠨᠠᠷᠢᠨ ᠬᠢᠨᠠᠮᠠᠭᠠᠶ ᠲᠥᠯᠥᠪᠯᠡᠭᠡ ᠬᠢᠵᠦ᠂ ᠲᠥᠰᠦᠯ ᠲᠣᠭᠲᠠᠭᠠᠨ᠂ | ᠡᠭᠦᠷᠭᠡ ᠲᠤᠰᠢᠶᠠᠵᠤ᠂ ᠬᠠᠷᠢᠭᠤᠴᠠᠯᠭ᠎ᠠ ᠡᠭᠦᠷᠭᠡᠯᠡᠨ᠂ ᠪᠥᠭᠡᠮ ᠬᠦᠴᠢᠯ ᠢ ᠪᠠᠶᠢᠴᠠᠭᠠᠨ ᠰᠢᠯᠭᠠᠬᠤ ᠥᠯᠢᠭᠡᠷ ᠡᠳ᠋ ᠢ | ᠵᠢᠭᠠᠨ ᠲᠣᠭᠲᠠᠭᠠᠭᠰᠠᠨ ᠪᠠᠶᠢᠴᠠᠭᠠᠨ ᠰᠢᠯᠭᠠᠬᠤ ᠪᠠᠶᠢᠭᠤᠯᠤᠮᠵᠢ ᠳᠤ ᠠᠮᠤᠷ ᠲᠦᠪᠰᠢᠨ᠂ ᠡᠮᠬᠢ ᠵᠢᠷᠤᠮ ᠲᠠᠢ᠂ ᠴᠠᠭ | ᠲᠤᠬᠠᠶ ᠳᠤᠨᠢ ᠰᠢᠯᠵᠢᠭᠦᠯᠦᠨ ᠬᠦᠷᠭᠡᠬᠦ ᠶᠢ ᠪᠠᠳᠤᠯᠠᠪᠠ᠃ | | | | | | | | 18᠄ 30 ᠪᠣᠯᠲᠠᠯ᠎ᠠ᠂ ᠪᠥᠬᠦ ᠰᠢᠶᠠᠨ ᠤ ᠶᠡᠭᠡ ᠬᠡᠪᠴᠢᠶᠡᠨ ᠤ ᠪᠥᠭᠡᠮ ᠬᠦᠴᠢᠯ ᠤᠨ ᠪᠠᠶᠢᠴᠠᠭᠠᠨ | ᠬᠡᠮᠵᠢᠯᠲᠡ ᠶᠢᠨ ᠵᠠᠮ ᠬᠠᠷᠢᠯᠴᠠᠭᠠᠨ ᠤ ᠪᠠᠲᠤᠯᠠᠭ᠎ᠠ ᠶᠢᠨ ᠳᠤᠭᠤᠶᠢᠯᠠᠩ ᠤᠨ ᠥᠯᠢᠭᠡᠷ ᠡᠳ᠋ ᠢ ᠲᠥᠪᠯᠡᠷᠡᠭᠦᠯᠦᠨ | ᠰᠢᠯᠵᠢᠭᠦᠯᠦᠨ ᠲᠡᠭᠡᠭᠡᠪᠦᠷᠢᠯᠡᠬᠦ ᠲᠡᠷᠭᠡᠨ ᠠᠩᠭᠢ ᠨᠢ ᠡᠯ᠎ᠡ ᠪᠠᠯᠭᠠᠰᠤ᠂ ᠬᠦᠷᠢᠶᠡᠯᠡᠩ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠬᠠᠲᠤᠨ ᠭᠤᠤᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ | ᠲᠥᠪ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠥᠯᠢᠭᠡᠷ ᠡᠳ᠋ ᠢ ᠨᠡᠶᠢᠲᠡ 16 ᠤᠳᠠᠭ᠎ᠠ᠂ 25 | ᠲᠡᠷᠭᠡ ᠤᠳᠠᠭ᠎ᠠ᠂ 13388 ᠬᠤᠭᠤᠯᠠᠶ ᠶᠢᠨ ᠥᠯᠢᠭᠡᠷ ᠡᠳ᠋ ᠢ ᠰᠢᠯᠵᠢᠭᠦᠯᠦᠨ ᠵᠥᠭᠡᠭᠡᠪᠦᠷᠢᠯᠡᠵᠡᠶ᠃ |