ᠰᠢᠶᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ 25 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/11/2
      10 ᠳ᠋ᠤᠭᠠᠷ ᠰᠠᠷ᠎ᠠ ᠶᠢᠨ 30 ᠤ ᠡᠳᠦᠷ ᠤᠨ ᠣᠷᠣᠶ᠂ ᠰᠢᠶᠠᠨ ᠤ ᠨᠠᠮ ᠤᠨ ᠬᠤᠷᠢᠶᠠᠨ ᠤ ᠱᠦᠵᠢ᠂ ᠰᠢᠶᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠢ ᠴᠦᠨ ᠶᠠᠨ ᠰᠢᠶᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ 25 ᠳ᠋ᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ ᠭᠠᠵᠠᠷ᠂ ᠬᠤᠳᠠ ᠶᠢᠨ ᠵᠢᠯᠣᠭᠤᠳᠬᠤ ᠭᠠᠵᠠᠷ ᠤᠨ ᠬᠠᠮᠢᠶ᠎ᠠ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠠᠵᠤ ᠦᠢᠯᠡᠳᠪᠦᠷᠢ ᠶᠢᠨ ᠬᠦᠷᠢᠶᠡᠯᠡᠩ ᠵᠢᠴᠢ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠤᠶᠠᠳᠤᠭᠠᠷ ᠡᠭᠡᠯᠵᠢ ᠶᠢᠨ ᠶᠡᠭᠡ ᠬᠡᠪᠴᠢᠶᠡᠨ ᠤ ᠪᠥᠭᠡᠮ ᠬᠦᠴᠢᠯ ᠢ ᠪᠠᠶᠢᠴᠠᠭᠠᠨ ᠬᠡᠮᠵᠢᠬᠦ ᠳᠤ ᠪᠡᠯᠡᠳᠬᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠡᠯ᠎ᠡ ᠳᠤᠭᠤᠶᠢᠯᠠᠩ ᠤᠨ ᠠᠵᠢᠯ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠰᠢᠶᠠᠨ ᠤ ᠳᠠᠷᠠᠭᠠᠴᠢ ᠶᠢᠨ ᠱᠠᠲᠤᠨ ᠤ ᠠᠵᠢᠯ ᠢ ᠪᠠᠶᠢᠷᠢᠯᠠᠭᠤᠯᠤᠨ ᠨᠠᠶᠢᠳᠠᠪᠤᠷᠢᠵᠢᠭᠤᠯᠪᠠ᠃
     ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠡᠯ᠎ᠡ ᠵᠦᠢᠯ ᠤᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢ ᠣᠳᠣᠬᠠᠨ ᠤ ᠠᠵᠢᠯ ᠤᠨ ᠢᠶᠠᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠭᠠᠨ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠭᠡᠨ᠂ ︽ᠰᠠᠨᠠᠭ᠎ᠠ ᠠᠮᠠᠷᠠᠬᠤ︾ ᠦᠵᠡᠯ ᠰᠠᠨᠠᠭ᠎ᠠ᠂ ︽ᠪᠠᠷᠤᠭ︾ ᠰᠡᠳᠬᠢᠴᠡ ᠶᠢᠨ ᠪᠠᠶᠢᠳᠠᠯ ᠢ ᠡᠷᠡᠰ ᠰᠡᠷᠭᠡᠶᠢᠯᠡᠨ ᠬᠤᠷᠢᠭᠯᠠᠵᠤ᠂ ᠡᠯ᠎ᠡ ᠵᠦᠢᠯ ᠤᠨ ᠠᠵᠢᠯ ᠢ ᠨᠠᠩ ᠤᠨᠤᠪᠴᠢᠳᠠᠢ᠂ ᠨᠠᠩ ᠴᠢᠩᠭ᠎ᠠ᠂ ᠨᠠᠩ ᠪᠣᠳᠠᠲᠠᠶ ᠠᠳᠬᠤᠵᠤ᠂ ᠬᠢᠯᠪᠠᠷ ᠪᠤᠰᠤ ᠪᠠᠷ ᠣᠯᠤᠭᠰᠠᠨ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠶᠠᠭᠠᠬᠢᠭᠰᠠᠨ ᠴᠤ ᠲᠠᠯᠠᠭᠠᠷ ᠥᠩᠭᠡᠷᠡᠭᠦᠯᠵᠦ ᠪᠣᠯᠬᠤ ᠥᠬᠡᠶ ᠭᠡᠪᠡ᠃      ᠬᠤᠷᠠᠯ ᠠᠴᠠ᠂ ᠬᠤᠶᠠᠳᠤᠭᠠᠷ ᠡᠭᠡᠯᠵᠢ ᠶᠢᠨ ᠶᠡᠭᠡ ᠬᠡᠪᠴᠢᠶᠡᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ ᠪᠣᠯ ᠬᠢᠵᠢᠭ ᠤᠨ ᠪᠠᠶᠢᠳᠠᠯ ᠢ  ᠰᠡᠷᠭᠡᠶᠢᠯᠡᠨ ᠡᠵᠡᠮᠳᠡᠬᠦ ᠴᠢᠬᠤᠯᠠ ᠠᠷᠭ᠎ᠠ ᠪᠠᠷᠢᠯ ᠪᠣᠯᠤᠨ᠎ᠠ᠂ ᠡᠯ᠎ᠡ ᠱᠠᠲᠤᠨ ᠤ ᠤᠳᠤᠷᠢᠳᠬᠤ ᠺᠠᠳ᠋ᠷ ᠣᠨᠴᠠᠭᠠᠶᠢᠯᠠᠨ ᠰᠢᠶᠠᠨ ᠭᠠᠵᠠᠷ ᠤᠨ ᠲᠡᠰ ᠤᠨ ᠤᠳᠤᠷᠢᠳᠤᠯᠭ᠎ᠠ᠂ ᠡᠯ᠎ᠡ ᠰᠠᠯᠠᠭ᠎ᠠ ᠮᠥᠴᠢᠷ ᠤᠨ ︽ᠨᠢᠭᠡᠳᠦᠭᠡᠷ ᠭᠠᠷ︾ ᠪᠡᠶ᠎ᠡ ᠪᠠᠷ ᠢᠶᠠᠨ ᠠᠳᠬᠤᠵᠤ᠂ ᠲᠦᠷᠦᠭᠦᠯᠡᠨ ᠬᠢᠵᠦ᠂ ᠲᠤᠬᠠᠢ ᠶᠢᠨ ᠲᠠᠯᠠᠪᠠᠢ ᠳᠤ ᠬᠦᠷᠴᠦ᠂ ᠡᠮᠦᠨ᠎ᠡ ᠹᠷᠣᠨᠲ ᠲᠤ ᠭᠦᠨᠵᠡᠭᠡᠶᠢᠷᠡᠨ᠂ ᠰᠠᠶᠢᠨ ᠵᠢᠯᠤᠭᠤᠳᠤᠭᠴᠢ ᠪᠣᠯᠬᠤ ᠬᠡᠷᠡᠭᠲᠡᠢ ᠮᠥᠷᠲᠡᠭᠡᠨ ᠪᠠᠰᠠ ᠰᠠᠶᠢᠨ ᠪᠠᠶᠢᠯᠳᠤᠭᠴᠢ ᠪᠤᠯᠵᠤ᠂ ᠪᠦᠬᠦ ᠠᠵᠢᠯᠳᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠡᠭᠦᠷᠭᠡ ᠶᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠠᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠴᠢᠩᠭ᠎ᠠ ᠨᠠᠶᠢᠳᠠᠪᠤᠷᠢᠵᠢᠭᠤᠯᠵᠤ᠂ ᠳᠤᠮᠳᠠ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠢᠷᠡᠭᠰᠡᠨ ᠲᠡᠷᠭᠡ ᠬᠥᠰᠬᠡ ᠪᠠ ᠠᠵᠢᠯᠲᠠᠨ ᠤ ᠵᠢᠭᠰᠠᠭᠠᠨ ᠪᠠᠶᠢᠴᠠᠭᠠᠯᠲᠠ ᠶᠢ ᠴᠢᠩᠭᠠᠳᠬᠠᠬᠤ ᠬᠡᠷᠡᠭᠲᠡᠶ︔ ᠡᠭᠦᠨ ᠤ ᠵᠡᠷᠭᠡᠴᠡᠭᠡᠪᠡᠷ ᠥᠷᠭᠡᠨ ᠤᠯᠠᠨ ᠰᠠᠭᠤᠭᠠᠯᠢ ᠠᠷᠠᠳ ᠢ ᠤᠷᠢᠶᠠᠯᠠᠨ ︽ᠲᠤᠭᠳᠠᠬᠤ ᠰᠢᠶᠠᠨ ᠠᠴᠠ ᠰᠠᠯᠬᠤ ᠴᠢᠬᠤᠯᠠ ᠦᠭᠡᠢ ᠪᠣᠯ ᠦᠯᠦ ᠰᠠᠯᠬᠤ︾ ᠶᠠᠪᠤᠳᠠᠯ ᠢ ᠡᠷᠡᠰ ᠪᠡᠶᠡᠯᠡᠭᠦᠯᠵᠦ᠂ ᠲᠦᠷᠦᠯ ᠰᠠᠳᠤᠨ ᠨᠠᠶᠢᠵᠠ ᠨᠥᠬᠦᠳ ᠲᠠᠢ ᠪᠠᠨ ᠠᠶᠢᠯᠴᠢᠯᠠᠬᠤ ᠵᠡᠷᠭᠡ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠶ᠃ ᠡᠯ᠎ᠡ ᠱᠠᠲᠤᠨ ᠤ ᠵᠢᠯᠣᠭᠤᠳᠬᠤ ᠭᠠᠵᠠᠷ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠠᠷᠢᠭᠤᠴᠠᠯᠭ᠎ᠠ ᠶᠢ ᠱᠠᠳᠤ ᠱᠠᠳᠤ ᠪᠠᠷ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠥᠮᠦᠰ ᠢ ᠣᠨᠣᠪᠴᠢᠲᠠᠢ ᠬᠠᠮᠢᠶᠠᠷᠤᠨ ᠡᠵᠡᠮᠳᠡᠬᠦ ᠬᠡᠷᠡᠭᠲᠡᠢ᠃ ᠲᠤᠰᠠᠭᠠᠷᠯᠠᠬᠤ ᠪᠠᠭᠤᠳᠠᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂  ᠪᠢᠳᠡᠭᠦᠮᠵᠢᠯᠡᠭᠰᠡᠨ ᠬᠠᠮᠢᠶᠠᠷᠤᠯᠲᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠲᠦᠷᠢᠮ ᠢ ᠴᠢᠩᠭᠠᠳᠬᠠᠬᠤ ᠶᠢ ᠭᠦᠨᠵᠡᠭᠡᠶ ᠠᠬᠢᠭᠤᠯᠵᠤ᠂ ᠨᠠᠷᠢᠨ ᠨᠢᠭᠲᠠ ᠤᠶᠠᠯᠳᠤᠵᠤ᠂ ᠳᠤᠰᠤᠯ ᠤᠰᠤ ᠶᠢ ᠴᠤ ᠣᠷᠬᠢᠭᠳᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠶᠢᠨ ᠬᠠᠮᠲᠤ ᠬᠥᠮᠦᠯᠢᠭ ᠰᠣᠶᠣᠯᠴᠢ ᠬᠠᠯᠠᠮᠵᠢᠯᠠᠯ ᠢ ᠴᠢᠩᠭᠠᠳᠬᠠᠵᠤ᠂ ᠲᠤᠰᠠᠭᠠᠷᠯᠠᠬᠤ ᠬᠥᠮᠦᠨ ᠨᠢᠭᠡᠪᠦᠷᠢ ᠳᠤ ᠦᠨᠡᠨ ᠰᠡᠳᠬᠢᠯ ᠠᠴᠠ ᠪᠠᠨ ᠰᠠᠶᠢᠲᠤᠷ ᠦᠢᠯᠡᠴᠢᠯᠡᠬᠦ ᠬᠡᠷᠡᠭᠲᠡᠶ ᠭᠡᠵᠦ ᠵᠢᠭᠠᠵᠤ ᠭᠠᠷᠭᠠᠪᠠ᠃      ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ᠂ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠭᠤᠤ ᠵᠧᠩ ᠬᠤᠶᠠᠳᠤᠭᠠᠷ ᠡᠭᠡᠯᠵᠢ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ᠂ ᠲᠤᠰᠬᠠᠷᠯᠠᠬᠤ ᠪᠠᠭᠤᠳᠠᠯ ᠢ ᠵᠢᠷᠤᠮᠵᠢᠭᠤᠯᠤᠨ ᠬᠠᠮᠢᠶᠠᠷᠬᠤ᠂ ᠡᠮᠴᠢᠯᠡᠭᠡᠨ ᠤ ᠪᠠᠶᠢᠭᠤᠯᠤᠮᠵᠢ ᠶᠢᠨ ᠠᠩᠬ᠎ᠠ ᠣᠨᠣᠰᠢᠯᠠᠬᠤ ᠬᠠᠷᠢᠭᠤᠴᠠᠯᠭ᠎ᠠ ᠶᠢᠨ ᠲᠦᠷᠢᠮ ᠵᠡᠷᠭᠡ ᠠᠵᠢᠯ ᠤᠨ ᠲᠠᠯ᠎ᠠ ᠪᠠᠷ ᠪᠣᠳᠠᠲᠠᠶ ᠱᠠᠭᠠᠷᠳᠠᠯᠭ᠎ᠠ ᠳᠤᠷᠠᠳᠪᠠ᠃      ᠸᠠᠩ ᠮᠢᠩ ᠵᠡᠷᠭᠡ ᠰᠢᠶᠠᠨ ᠭᠠᠵᠠᠷ ᠤᠨ ᠲᠡᠰ ᠤᠨ ᠤᠳᠤᠷᠢᠳᠤᠯᠭ᠎ᠠ᠂ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1