ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/11/21
      11 ᠳ᠋ᠤᠭᠡᠷ ᠰᠠᠷ᠎ᠠ ᠶᠢᠨ 19 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ 18 ᠳ᠋ᠤᠭᠠᠷ ᠤᠳᠠᠭᠠᠨ ᠤ ᠬᠤᠷᠠᠯ ᠵᠢᠴᠢ ᠰᠢᠶᠠᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ 4  ᠳ᠋ᠤᠭᠡᠷ ᠤᠳᠠᠭᠠᠨ ᠤ ᠬᠤᠷᠠᠯ᠂ ᠰᠢᠶᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ 34 ᠳ᠋ᠤᠭᠡᠷ ᠤᠳᠠᠭᠠᠨ ᠤ ᠬᠤᠷᠠᠯ᠂ ᠪᠥᠬᠦ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ 15 ᠳ᠋ᠤᠭᠠᠷ ᠤᠳᠠᠭᠠᠨ ᠤ ᠬᠤᠷᠠᠯ ᠬᠤᠷᠠᠯᠳᠤᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠬᠤᠷᠠᠯ ᠡᠷᠭᠢᠯᠡᠪᠡ᠃
     ᠬᠤᠷᠠᠯ ᠠᠴᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ ᠤᠬᠠᠭᠤᠯᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠢ ᠤᠯᠠᠮᠵᠢᠯᠠᠨ ᠰᠤᠷᠤᠯᠴᠠᠪᠠ︔ ᠱᠢ ᠲᠠᠢ ᠹᠧᠩ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠲᠠᠪᠤᠳᠤᠭᠠᠷ ᠤᠳᠠᠭ᠎ᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠰᠢᠶᠠᠨ ᠤ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ︔ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠠᠯᠪᠠᠨ ᠬᠡᠷ ᠤᠨ ︽ᠪᠥᠬᠦ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢᠨ ᠡᠬᠡ ᠲᠠᠩᠰᠠ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾᠂ ᠲᠣᠭᠲᠠᠬᠤ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ︔ ︽ᠲᠣᠭᠲᠠᠬᠤ ᠰᠢᠶᠠᠨ ᠤ ᠶᠠᠳᠠᠭᠤ ᠠᠴᠠ ᠠᠩᠭᠢᠵᠢᠷᠠᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠦᠭᠰᠡᠨ ᠤ ᠳᠠᠷᠠᠭᠠᠬᠢ ᠦᠨᠡᠯᠡᠨ ᠵᠢᠱᠢᠯᠲᠡ ᠶᠢᠨ ᠪᠠᠶᠢᠴᠠᠭᠠᠯᠲᠠ ᠶᠢ ᠤᠭᠲᠤᠬᠤ ᠲᠥᠰᠦᠯ︾ ᠢ ᠰᠤᠳᠤᠯᠤᠨ ᠶᠠᠷᠢᠯᠴᠠᠵᠤ ᠵᠠᠷᠴᠢᠮ ᠳᠡᠭᠡᠷ᠎ᠡ ᠪᠠᠨ ᠪᠠᠲᠤᠯᠠᠪᠠ︔ ᠲᠥᠪ ᠤᠨ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠥᠪᠥᠷ ᠮᠣᠩᠭᠤᠯ ᠳᠤ ᠬᠢᠭᠰᠡᠨ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠶᠢᠨ ᠲᠤᠬᠠᠢ ᠬᠠᠷᠢᠭᠤ ᠲᠤᠰᠬᠠᠭᠰᠠᠨ ᠰᠠᠨᠠᠯ ᠤᠨ ᠪᠠᠷᠢᠮᠵᠢᠶ᠎ᠠ ᠳᠤ ᠴᠢᠭᠯᠡᠭᠦᠯᠦᠨ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ᠂ ᠪᠦᠬᠦ ᠰᠢᠶᠠᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠤᠭᠰᠠᠨ ᠠᠵᠢᠯ ᠤᠨ ᠪᠠᠶᠢᠳᠠᠯ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃      ᠬᠤᠷᠠᠯ ᠠᠴᠠ᠂ ᠪᠦᠬᠦ ᠰᠢᠶᠠᠨ ᠤ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠬᠤ᠂ ᠰᠠᠶᠢᠲᠤᠷ ᠤᠬᠠᠭᠤᠯᠬᠤ᠂ ᠰᠠᠶᠢᠲᠤᠷ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠪᠦᠬᠦ ᠰᠢᠶᠠᠨ ᠤ ᠬᠡᠪᠴᠢᠶᠡᠨ ᠳᠤ ᠰᠤᠷᠤᠯᠴᠠᠵᠦ ᠤᠬᠠᠭᠤᠯᠤᠨ ᠲᠤᠤᠱᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠤᠯᠭᠠᠬᠤ ᠬᠡᠷᠡᠭᠲᠡᠢ᠃ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠵᠤ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠥᠷᠯᠥᠭᠡ ᠦᠳᠡᠰᠢ ᠶᠢ ᠲᠡᠮᠡᠴᠡᠨ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠬᠡᠷᠡᠭᠲᠡᠢ᠃ ᠪᠥᠬᠦ ᠵᠢᠯ ᠤᠨ ᠬᠠᠷᠠᠯᠲᠠ ᠡᠭᠦᠷᠭᠡ ᠪᠠᠨ ᠰᠤᠯᠠᠷᠠᠭᠤᠯᠤᠯ ᠥᠬᠡᠶ ᠪᠠᠷᠢᠮᠲᠠᠯᠠᠵᠤ᠂ ᠳᠥᠷᠪᠡᠳᠦᠭᠡᠷ ᠤᠯᠠᠷᠢᠯ ᠳᠤ ᠰᠢᠪᠲᠤᠯᠤᠯᠲᠠ ᠬᠢᠵᠦ᠂ ᠰᠡᠭᠦᠯ ᠬᠤᠷᠢᠶᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠨᠠᠷᠢᠨ ᠬᠢᠨᠠᠮᠠᠭᠠᠢ ᠵᠢᠭᠰᠠᠭᠠᠨ ᠪᠠᠶᠢᠴᠠᠭᠠᠵᠤ᠂ ᠡᠯ᠎ᠡ ᠬᠦᠷᠢᠶᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠡᠷᠡᠰ ᠴᠡᠭᠴᠡᠯᠡᠨ ᠵᠠᠰᠠᠵᠤ᠂ ᠵᠢᠯ ᠤᠨ ᠡᠴᠦᠰ ᠲᠤ ᠡᠯ᠎ᠡ ᠲᠦᠷᠦᠯ ᠤᠨ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠵᠢᠭᠰᠠᠭᠠᠨ ᠪᠠᠶᠢᠴᠠᠭᠠᠵᠤ ᠰᠢᠢᠳᠪᠦᠷᠢᠯᠡᠬᠦ ᠠᠵᠢᠯ ᠢ ᠰᠠᠶᠢᠲᠤᠷ ᠠᠳᠬᠤᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠦᠨᠡᠨᠬᠦ ᠬᠠᠮᠠᠭᠠᠯᠠᠬᠤ ᠬᠡᠷᠡᠭᠲᠡᠢ᠃ ᠡᠭᠦᠨ ᠤ ᠬᠠᠮᠲᠤ᠂ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠳᠠᠷᠠᠭ᠎ᠠ ᠵᠢᠯ ᠤᠨ ᠠᠵᠢᠯ ᠢᠶᠠᠨ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠱᠠᠭᠠᠷᠳᠠᠭᠰᠠᠨ ᠨᠢ᠂ ᠰᠢᠶᠠᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠬᠠᠤᠯᠢ ᠴᠠᠭᠠᠵᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠᠷ ᠵᠢᠯᠣᠭᠤᠳᠤᠮᠵᠢ ᠪᠣᠯᠭᠠᠵᠤ᠂ ᠤᠯᠤᠰ ᠲᠥᠷᠥ ᠶᠢᠨ ᠬᠥᠮᠦᠵᠢᠯ᠂ ᠰᠡᠷᠡᠮᠵᠢᠯᠡᠭᠦᠯᠬᠦ ᠬᠥᠮᠦᠵᠢᠯ᠂ ᠪᠠᠭᠠᠲᠤᠷ ᠵᠢᠱᠢᠶᠡᠴᠢ ᠶᠢᠨ ᠬᠥᠮᠦᠵᠢᠯ ᠢ ᠦᠷᠭᠦᠯᠵᠢᠯᠡᠨ ᠭᠦᠨᠵᠡᠭᠡᠶ ᠠᠬᠢᠭᠤᠯᠵᠤ᠂ ᠰᠤᠷᠭᠠᠨ ᠬᠥᠮᠦᠵᠢᠭᠦᠯᠵᠦ ᠴᠡᠭᠴᠡᠯᠡᠬᠦ ᠶᠢᠨ ᠡᠮᠦᠨᠡᠬᠢ ᠬᠤᠭᠤᠴᠠᠭᠠᠨ ᠤ ᠠᠵᠢᠯ ᠤᠨ ᠰᠠᠶᠢᠨ ᠲᠤᠷᠰᠢᠯᠭ᠎ᠠ ᠰᠠᠶᠢᠨ ᠠᠷᠭ᠎ᠠ ᠶᠢ ᠨᠠᠷᠢᠨ ᠬᠢᠨᠠᠮᠠᠭᠠᠢ ᠳ᠋ᠦᠩᠨᠡᠵᠦ᠂ ᠰᠦᠪᠡᠭᠴᠢ ᠶᠢ ᠬᠢᠨᠠᠨ ᠪᠠᠶᠢᠴᠠᠭᠠᠬᠤ᠂ ᠠᠷᠬᠠᠭ ᠭᠡᠮ ᠢ ᠴᠡᠭᠴᠡᠯᠡᠨ ᠵᠠᠰᠠᠬᠤ᠂ ᠲᠦᠷᠢᠮ ᠲᠣᠭᠲᠠᠭᠠᠯ ᠲᠣᠭᠲᠠᠭᠠᠬᠤ ᠪᠠ ︽ᠪᠢ ᠤᠯᠠᠨ ᠲᠦᠮᠡᠨ ᠳᠤ ᠪᠣᠳᠠᠲᠠᠢ ᠠᠵᠢᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠡᠯ᠎ᠡ ᠭᠤᠭᠴᠤᠭ᠎ᠠ᠂ ᠡᠭᠦᠷᠭᠡ ᠨᠢᠭᠡᠪᠦᠷᠢ ᠶᠢ ᠦᠨᠡᠨᠬᠦ ᠪᠣᠳᠠᠲᠠᠢ ᠠᠴᠠ ᠪᠣᠳᠠᠲᠠᠢ᠂ ᠨᠠᠷᠢᠯᠢᠭ ᠪᠥᠭᠡᠳ ᠪᠣᠳᠠᠲᠠᠢ ᠪᠠᠷ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠭᠦᠯᠵᠦ ᠴᠡᠭᠴᠡᠯᠡᠬᠦ ᠶᠢ ᠶᠣᠰᠣᠨ ᠲᠡᠳᠦᠢ ᠥᠩᠭᠡᠷᠡᠭᠦᠯᠬᠦ ᠦᠭᠡᠢ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠮᠢᠨᠴᠦᠭᠦᠷᠡᠬᠦ ᠦᠵᠡᠯ ᠰᠠᠨᠠᠭ᠎ᠠ᠂  ᠠᠵᠢᠯ ᠠᠴᠠ ᠬᠠᠯᠠᠰᠢᠷᠠᠬᠤ ᠰᠡᠳᠬᠢᠯᠭᠡ᠂ ᠰᠤᠯᠠᠷᠠᠬᠤ ᠰᠡᠳᠬᠢᠯᠭᠡ ᠪᠠᠨ ᠡᠷᠡᠰ ᠲᠡᠪᠴᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠣᠷᠳᠣ ᠬᠤᠭᠤᠴᠠᠭᠠᠲᠤ ᠴᠢᠨᠠᠷ᠂ ᠨᠠᠷᠢᠨ ᠪᠤᠳᠤᠯᠢᠶᠠᠨᠲᠤ ᠴᠢᠨᠠᠷ᠂ ᠲᠣᠭᠲᠠᠭᠠᠯᠲᠤ ᠪᠤᠰᠤ ᠴᠢᠨᠠᠷ ᠢ ᠭᠦᠢᠴᠡᠳ ᠲᠠᠨᠢᠵᠤ᠂ ᠪᠣᠳᠠᠲᠠᠶ ᠬᠠᠷᠢᠶᠠᠯᠠᠭᠳᠠᠬᠤ ᠭᠠᠵᠠᠷ ᠣᠷᠣᠨ ᠪᠠ ᠠᠵᠢᠯ ᠲᠥᠷᠥᠯ ᠤᠨ ᠰᠠᠯᠠᠭ᠎ᠠ ᠮᠥᠴᠢᠷ ᠤᠨ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠦᠷᠭᠦᠯᠵᠢᠯᠡᠨ ᠴᠢᠩᠭ᠎ᠠ ᠳᠠᠷᠤᠵᠤ᠂ ᠰᠡᠷᠭᠡᠶᠢᠯᠡᠨ ᠡᠵᠡᠮᠳᠡᠬᠦ ᠲᠣᠤᠷ ᠰᠦᠯᠵᠢᠶ᠎ᠡ ᠶᠢ ᠨᠢᠭᠲᠠ ᠰᠦᠯᠵᠢᠵᠦ᠂ ᠳᠤᠮᠳᠠ ᠥᠨᠳᠥᠷ ᠲᠦᠭᠰᠢᠭᠦᠷᠢ ᠲᠠᠢ ᠲᠣᠰᠬᠤᠨ ᠳᠤ ᠣᠷᠣᠬᠤ ᠬᠥᠮᠦᠰ᠂ ᠡᠳ᠋ ᠪᠠᠷᠠᠭ᠎ᠠ ᠶᠢ ᠴᠢᠩᠭ᠎ᠠ ᠠᠩᠬᠠᠷᠴᠤ᠂ ︽ᠭᠠᠳᠠᠨ᠎ᠠ ᠠᠴᠠ ᠤᠷᠤᠬᠤ ᠶᠢ ᠰᠡᠷᠭᠡᠶᠢᠯᠡᠬᠦ᠂ ᠳᠣᠲᠣᠭᠠᠳᠤ ᠠᠴᠠ ᠳᠠᠬᠢᠨ ᠡᠭᠦᠰᠬᠦ ᠶᠢ ᠡᠵᠡᠮᠳᠡᠬᠦ᠂ ᠬᠥᠮᠦᠨ ᠣᠷᠴᠢᠨ ᠲᠣᠭᠤᠷᠢᠨ ᠢ ᠬᠠᠮᠲᠤ ᠳᠤᠨᠢ ᠰᠡᠷᠭᠡᠶᠢᠯᠡᠬᠦ︾ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠬᠢᠯᠪᠠᠷ ᠪᠤᠰᠤ ᠪᠠᠷ ᠣᠯᠤᠭᠰᠠᠨ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠤᠨ ᠤᠷᠢᠳᠤᠬᠢ ᠭᠠᠪᠢᠶ᠎ᠠ ᠵᠢᠳᠬᠦᠯ ᠢ ᠣᠭᠲᠣᠬᠠᠨ ᠴᠤ ᠠᠯᠳᠠᠬᠤ ᠥᠬᠡᠶ ᠪᠠᠶᠢᠬᠤ ᠶᠢ ᠪᠠᠳᠤᠯᠠᠬᠤ ᠬᠡᠷᠡᠭᠲᠡᠶ ᠭᠡᠪᠡ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠡᠯ᠎ᠡ ᠵᠦᠢᠯ ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠦᠨᠡᠨᠬᠦ ᠰᠠᠶᠢᠲᠤᠷ ᠪᠠᠬᠢᠵᠢᠭᠦᠯᠵᠦ᠂ ᠬᠡᠪᠴᠢᠶᠡᠵᠢᠭᠰᠡᠨ ᠴᠢᠨᠠᠷᠲᠠᠢ ᠪᠠᠷ ᠲᠠᠬᠢᠨ ᠶᠠᠳᠠᠭᠤᠷᠠᠬᠤ ᠦᠬᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠠᠵᠤ ᠦᠢᠯᠡᠰ ᠢ ᠬᠥᠭᠵᠢᠭᠦᠯᠬᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠮᠠᠯᠵᠢᠯ ᠤᠨ ᠲᠠᠯᠠᠪᠠᠢ ᠶᠢᠨ ᠪᠦᠳᠦᠬᠡᠨ ᠪᠠᠶᠢᠭᠤᠯᠤᠯᠲᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠬᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠲᠠᠷᠢᠶᠠᠯᠠᠩ ᠤᠨ ᠣᠳᠣᠬᠢᠴᠢᠯᠠᠯᠲᠠ ᠶᠢ ᠠᠬᠢᠭᠤᠯᠵᠤ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠲᠠᠷᠢᠶᠠᠯᠠᠩ ᠤᠨ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ᠂ ᠬᠥᠳᠡᠭᠡ ᠲᠣᠰᠬᠤᠨ ᠤ ᠣᠷᠣᠰᠢᠨ ᠰᠠᠭᠤᠬᠤ ᠳᠤ ᠲᠣᠬᠢᠷᠠᠮᠵᠢᠲᠠᠢ᠂ ᠲᠠᠷᠢᠶᠠᠴᠢᠳ ᠤᠨ ᠪᠠᠶᠠᠨ ᠴᠢᠨᠡᠭᠡᠯᠢᠭ ᠪᠤᠯᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠭᠰᠡᠨ ᠤ ᠳᠠᠷᠠᠭᠠᠬᠢ ᠦᠨᠡᠯᠡᠯᠲᠡ ᠶᠢᠨ ᠪᠠᠶᠢᠴᠠᠭᠠᠯᠲᠠ ᠶᠢ ᠤᠭᠲᠤᠬᠤ ᠡᠯ᠎ᠡ ᠵᠦᠢᠯ ᠤᠨ ᠠᠵᠢᠯ ᠢ ᠡᠷᠡᠰ ᠰᠠᠶᠢᠲᠤᠷ ᠬᠢᠬᠦ ᠬᠡᠷᠡᠭᠲᠡᠢ ᠭᠡᠪᠡ᠃      ᠬᠤᠷᠠᠯ ᠠᠴᠠ᠂ ᠪᠦᠬᠦ ᠰᠢᠶᠠᠨ ᠤ ᠡᠯ᠎ᠡ ᠱᠠᠲᠤᠨ ᠤ ᠤᠳᠤᠷᠢᠳᠬᠤ ᠺᠠᠳ᠋ᠷ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠢᠮᠠᠭᠲᠠ ᠲᠥᠪ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠠ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠦ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ  ᠬᠦᠷᠢᠶᠡᠯᠡᠬᠦ︾ ᠪᠠᠷ ᠴᠢᠬᠤᠯᠠ ᠰᠢᠯᠭᠠᠨ ᠪᠠᠶᠢᠴᠠᠭᠠᠯᠲᠠ ᠪᠣᠯᠭᠠᠵᠤ᠂ ᠲᠦᠪ ᠴᠢᠩᠭ᠎ᠠ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠲᠡᠦᠬᠡ ᠶᠢᠨ ᠡᠭᠦᠷᠭᠡᠲᠦ ᠰᠡᠳᠬᠢᠯᠭᠡ ᠪᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠠᠳᠬᠤᠵᠤ᠂ ᠭᠦᠨᠵᠡᠭᠡᠢ ᠠᠳᠬᠤᠵᠤ᠂ ᠲᠡᠷᠡ ᠶᠣᠰᠣᠭᠠᠷ ᠨᠢ ᠰᠠᠶᠢᠲᠤᠷ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠱᠠᠭᠠᠷᠳᠠᠭᠰᠠᠨ ᠨᠢ᠂ ᠲᠠᠷᠠᠭᠠᠴᠢ ᠶᠢᠨ ᠠᠯᠬᠤᠮ ᠳᠤ᠂ ᠡᠯ᠎ᠡ ᠪᠠᠶᠢᠩᠭᠤ ᠶᠢᠨ ᠭᠡᠰᠢᠭᠦᠳ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠨᠠᠮ ᠤᠨ ᠪᠠᠶᠢᠭᠤᠯᠤᠯᠲᠠ ᠶᠢ ᠠᠳᠬᠤᠬᠤ ᠦᠭᠡᠢ ᠪᠣᠯ ᠬᠠᠷᠢᠭᠤᠴᠠᠯᠭ᠎ᠠ ᠪᠠᠨ ᠠᠯᠳᠠᠵᠤ᠂ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠦᠭᠡᠢ ᠪᠣᠯ ᠲᠤᠰᠢᠶᠠᠯ ᠢᠶᠠᠨ ᠭᠤᠲᠤᠭᠠᠵᠤ ᠪᠠᠶᠢᠨ᠎ᠠ︾ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠬᠤᠪᠢᠶᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠦᠨᠡᠨ ᠬᠦ ᠰᠠᠶᠢᠲᠤᠷ ᠠᠳᠬᠤᠵᠤ᠂ ︽ᠨᠡᠷ᠎ᠡ ᠵᠠᠭᠦᠵᠦ ᠨᠡᠯᠦᠶᠢᠨ ᠰᠠᠭᠤᠬᠤ︾ ᠂ ᠲᠤᠬᠠᠶᠢᠯᠠᠭᠰᠠᠨ ᠠᠵᠢᠯ ᠢ ᠴᠢᠬᠤᠯᠠᠴᠢᠯᠠᠬᠤ ᠠᠴᠠ ᠪᠢᠰᠢ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠬᠤᠯᠠᠴᠢᠯᠠᠬᠤ ᠦᠭᠡᠢ ᠬᠡᠯᠪᠡᠷᠢᠯ ᠢ ᠡᠷᠡᠰ ᠵᠠᠯᠠᠷᠠᠭᠤᠯᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠦᠨ ᠬᠥᠭᠵᠢᠭᠦᠯᠬᠦ ᠬᠡᠷᠡᠭᠲᠡᠢ ᠭᠡᠵᠡᠢ᠃      ᠬᠤᠷᠠᠯ ᠠᠴᠠ ᠪᠠᠰᠠ ᠡᠪᠦᠯ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ᠂ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠰᠢᠶᠠᠨ ᠤ ᠤᠳᠤᠷᠢᠳᠤᠯᠭ᠎ᠠ ᠰᠦᠨ ᠰᠢᠶᠦ᠋ᠨ᠂ ᠶᠦᠨ ᠷᠦᠢ ᠵᠢᠶᠦ᠋ᠨ᠂ ᠸᠠᠩ ᠮᠢᠩ ᠵᠢᠴᠢ ᠰᠢᠶᠠᠨ ᠤ ᠨᠠᠮ ᠤᠨ ᠬᠤᠷᠢᠶ᠎ᠠ ᠶᠢᠨ ᠡᠯ᠎ᠡ ᠪᠠᠶᠢᠩᠭᠤ ᠶᠢᠨ ᠭᠡᠰᠢᠭᠦᠨ᠂ ᠰᠢᠶᠠᠨ ᠭᠠᠵᠠᠷ ᠤᠨ ᠲᠡᠰ ᠤᠨ ᠬᠠᠮᠢᠶ᠎ᠠ ᠪᠦᠬᠦᠢ ᠤᠳᠤᠷᠢᠳᠤᠯᠭ᠎ᠠ᠂ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1