ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2021 ᠣᠨ ᠤ 20 ᠳ᠋ᠤᠭᠠᠷ ᠤᠳᠠᠭ᠎ᠠ ᠶᠢᠨ ᠬᠤᠷᠠᠯ ᠵᠢᠴᠢ 15 ᠳ᠋ᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠪᠣᠯᠤᠨ ᠰᠢᠶᠠᠨ ᠤ ᠵᠠᠰᠠᠭ ᠤᠨ ᠣᠷᠳᠣᠨ ᠤ 2021 ᠣᠨ ᠤ 23 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/11/23
      11 ᠳ᠋ᠤᠭᠡᠷ ᠰᠠᠷ᠎ᠠ ᠶᠢᠨ 22 ᠤᠨ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠢᠶᠠᠨ ᠤ ᠣᠷᠣᠯᠠᠭᠴᠢ ᠳᠠᠷᠤᠭ᠎ᠠ ᠭᠤᠤ ᠵᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2021 ᠣᠨ ᠤ 20 ᠳ᠋ᠤᠭᠠᠷ ᠤᠳᠠᠭᠠᠨ ᠤ ᠬᠤᠷᠠᠯ ᠵᠢᠴᠢ 15 ᠳ᠋ᠤᠭᠠᠷ ᠤᠳᠠᠭᠠᠨ ᠤ ᠲᠥᠪᠯᠡᠷᠡᠭᠦᠯᠦᠨ ᠰᠤᠷᠤᠯᠴᠠᠬᠤ ᠬᠤᠷᠠᠯ ᠪᠠ ᠰᠢᠶᠠᠨ ᠤ ᠵᠠᠰᠠᠭ ᠤᠨ ᠣᠷᠳᠣᠨ ᠤ 2021 ᠣᠨ ᠤ 23 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃
     ᠬᠤᠷᠠᠯ ᠠᠴᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠣᠷᠴᠢᠯ ᠠᠵᠤ ᠠᠬᠤᠶ ᠶᠢᠨ ᠬᠥᠭᠵᠢᠯᠲᠡ ᠶᠢᠨ ᠲᠥᠯᠥᠪᠵᠢᠭᠦᠯᠭᠡ︾ ᠶᠢ ᠤᠯᠠᠮᠵᠢᠯᠠᠨ ᠰᠤᠷᠤᠯᠴᠠᠪᠠ᠃ 2021 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠬᠡᠷᠡᠭᠵᠢᠭᠦᠯᠦᠭᠰᠡᠨ ᠪᠠᠶᠢᠳᠠᠯ᠂ ᠬᠥᠯᠥᠰᠥᠨ ᠠᠵᠢᠯᠴᠢᠨ ᠤ ᠴᠠᠯᠢᠩ ᠢ ᠥᠭᠬᠦ ᠶᠢ ᠪᠠᠲᠤᠯᠠᠭᠰᠠᠨ ᠠᠵᠢᠯ ᠤᠨ ᠪᠠᠶᠢᠳᠠᠯ᠂ ᠲᠣᠭᠲᠠᠬᠤ ᠰᠢᠶᠠᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠪᠠ ᠠᠮᠤᠷ ᠲᠦᠪᠰᠢᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭ᠎ᠠ ᠶᠢ ᠥᠷᠨᠢᠭᠦᠯᠬᠦ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ︔ ᠬᠤᠷᠠᠯ ᠠᠴᠠ ︽ᠲᠣᠭᠲᠠᠬᠤ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠰᠢᠯᠢᠳᠡᠭᠵᠢᠭᠦᠯᠦᠨ ᠲᠡᠩᠴᠡᠭᠦᠷᠢᠲᠡᠢ ᠬᠥᠭᠵᠢᠭᠦᠯᠬᠦ ᠠᠵᠢᠯ ᠤᠨ ᠲᠥᠯᠥᠪᠵᠢᠭᠦᠯᠭᠡ ︵2021 — 2026 ᠣᠨ︶︾᠂ 2021 ᠣᠨ ᠤ ᠰᠢᠶᠠᠨ ᠤ ᠲᠤᠰ ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ᠂ ᠰᠢᠶᠠᠩ ᠪᠠᠯᠭᠠᠰᠤᠨ ᠤ ᠡᠷᠬᠡ ᠣᠯᠭᠤᠬᠤ ᠶᠠᠪᠤᠳᠠᠯ ᠤᠨ ᠨᠠᠷᠢᠨ ᠳᠠᠩᠰᠠ᠂ ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠪᠣᠯᠤᠨ ᠪᠠᠯᠭᠠᠰᠤ ᠬᠠᠮᠲᠤᠪᠠᠷ ᠡᠭᠦᠷᠭᠡᠯᠡᠬᠦ ᠶᠠᠪᠤᠳᠠᠯ ᠤᠨ ᠬᠠᠷᠢᠭᠤᠴᠠᠯᠭ᠎ᠠ ᠶᠢᠨ ᠨᠠᠷᠢᠨ ᠳᠠᠩᠰᠠ ᠵᠡᠷᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠤᠨ ᠬᠢᠨᠠᠨ ᠵᠥᠪᠯᠡᠪᠡ᠃      ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠤᠱᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠂ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠪᠦᠷᠢᠯᠳᠦᠬᠦᠨ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠲᠦᠷᠦᠭᠦᠯᠡᠨ ᠰᠤᠷᠤᠯᠴᠠᠵᠤ᠂ ᠵᠣᠷᠢᠭ ᠰᠠᠨᠠᠭᠠᠨ ᠤ ᠮᠥᠨ ᠴᠢᠨᠠᠷ ᠢ ᠦᠨᠡᠨᠬᠦ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠦᠯᠢᠬᠡᠷ ᠳᠠᠭᠤᠷᠢᠶᠠᠯ ᠪᠣᠯᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠬᠤ ᠬᠡᠷᠡᠭᠲᠡᠢ᠃ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠵᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠶᠢ ᠦᠨᠡᠨ ᠬᠦ ᠠᠵᠢᠯ ᠢᠶᠠᠨ ᠲᠦᠯᠬᠢᠨ ᠠᠬᠢᠭᠤᠯᠬᠤ ᠬᠦᠴᠦᠷᠬᠡᠭ ᠶᠡᠭᠡ ᠤᠶᠤᠨ ᠰᠠᠨᠠᠭᠠᠨ ᠤ ᠬᠥᠳᠡᠯᠭᠡᠭᠴᠢ ᠬᠦᠴᠦᠨ ᠪᠣᠯᠭᠠᠨ ᠬᠤᠪᠢᠷᠠᠭᠤᠯᠵᠤ᠂ ᠪᠥᠬᠦᠳᠡ ᠬᠤᠷᠠᠯ ᠤᠨ ᠱᠠᠭᠠᠷᠳᠠᠯᠭ᠎ᠠ ᠶᠢ ᠵᠠᠰᠠᠭ ᠤᠨ ᠣᠷᠳᠣᠨ ᠤ ᠪᠣᠳᠠᠲᠠᠶ ᠠᠵᠢᠯ ᠤᠨ ᠳᠤᠮᠳᠠ ᠨᠠᠶᠢᠳᠠᠪᠤᠷᠢᠵᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠳᠡᠭᠡᠷ᠎ᠡ ᠢᠯᠡᠷᠡᠭᠦᠯᠬᠦ ᠬᠡᠷᠡᠭᠲᠡᠶ︔ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠣᠳᠣᠬᠠᠨ ᠤ ᠠᠵᠢᠯ ᠢᠶᠠᠨ ᠰᠠᠶᠢᠲᠤᠷ ᠠᠳᠬᠤᠬᠤ ᠲᠠᠢ ᠤᠶᠠᠯᠳᠤᠭᠤᠯᠵᠤ᠂ ᠠᠵᠤ ᠠᠬᠤᠢ ᠶᠢᠨ ᠠᠵᠢᠯᠯᠠᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠢ  ᠦᠢᠯᠡᠳᠪᠦᠷᠢᠯᠡᠯ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠵᠡᠷᠭᠡ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ  ᠭᠡᠵᠦ ᠴᠢᠬᠤᠯᠠᠴᠢᠯᠠᠪᠠ᠃      ᠬᠤᠷᠠᠯ ᠠᠴᠠ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠪᠣᠯ ᠰᠢᠶᠠᠨ ᠤ ᠵᠠᠰᠠᠭ ᠤᠨ ᠣᠷᠳᠣᠨ ᠠᠴᠠ ᠪᠦᠬᠦ ᠰᠢᠶᠠᠨ ᠤ ᠠᠷᠠᠳ ᠲᠦᠮᠡᠨ ᠳᠤ ᠬᠢᠭᠰᠡᠨ ᠲᠥᠪ ᠴᠢᠩᠭ᠎ᠠ ᠠᠮᠠᠯᠠᠯᠲᠠ᠂ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠠᠷᠠᠳ ᠤᠨ ᠰᠡᠳᠬᠢᠯ ᠤᠨ ᠢᠨᠵᠧᠨᠧᠷᠢᠩ ᠪᠣᠯᠤᠨ᠎ᠠ᠃ ᠡᠯ᠎ᠡ ᠰᠢᠶᠠᠨ ᠤ ᠤᠳᠤᠷᠢᠳᠤᠯᠭ᠎ᠠ᠂ ᠬᠠᠷᠢᠭᠤᠴᠠᠯᠭᠠᠳᠦ ᠨᠢᠭᠡᠴᠡ ᠨᠦᠭᠦᠳ ᠠᠵᠢᠯ ᠤᠨ ᠬᠤᠭᠤᠴᠠᠭ᠎ᠠ ᠪᠠᠨ ᠲᠣᠩᠭᠤᠷᠠᠭᠤᠯᠤᠨ ᠲᠣᠬᠢᠷᠠᠭᠤᠯᠵᠤ᠂ ᠠᠬᠢᠴᠠ ᠪᠠᠨ ᠲᠦᠷᠭᠡᠳᠬᠡᠨ᠂ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ ᠠᠬᠢᠴᠠ ᠶᠢᠨ ᠴᠠᠭ ᠤᠨ ᠬᠢᠵᠠᠭᠠᠷ ᠪᠠ ᠠᠵᠢᠯ ᠤᠨ ᠠᠷᠭ᠎ᠠ ᠬᠡᠮᠵᠢᠶ᠎ᠡ ᠪᠠᠨ ᠲᠣᠳᠣᠷᠬᠠᠶᠢᠯᠠᠵᠤ᠂ ᠲᠦᠷᠦᠯ ᠵᠦᠢᠯ ᠢ ᠡᠷᠲᠡᠬᠡᠨ ᠳᠠᠭᠤᠰᠬᠠᠬᠤ ᠶᠢᠨ ᠬᠠᠮᠲᠤ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠶ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠴᠢᠳᠠᠯ ᠤᠨ ᠬᠢᠷᠢ ᠪᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ᠂ ᠨᠢᠭᠡ ᠨᠢᠭᠡ ᠶᠠᠪᠤᠳᠠᠯ ᠢᠶᠠᠷ ᠬᠢᠬᠦ᠂ ᠨᠢᠭᠡ ᠨᠢᠭᠡ ᠵᠢᠯ ᠢᠶᠠᠷ ᠵᠠᠯᠭᠠᠨ ᠬᠢᠬᠦ ᠶᠢ ᠪᠠᠷᠢᠮᠲᠠᠯᠠᠬᠤ ᠬᠡᠷᠡᠭᠲᠡᠢ᠃ ᠡᠭᠦᠨ ᠤ ᠬᠠᠮᠲᠤ᠂ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠲᠥᠯᠥᠪᠵᠢᠭᠦᠯᠬᠦ᠂ ᠴᠤᠭᠯᠠᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠪᠠᠯᠭᠠᠰᠤ᠂ ᠬᠠᠲᠤᠨ ᠭᠤᠤᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠂ ᠡᠯ᠎ᠡ ᠰᠠᠯᠠᠭ᠎ᠠ ᠮᠥᠴᠢᠷ ᠤᠳ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠰᠡᠷᠭᠡᠭ ᠲᠠᠨᠢᠯᠲᠠ ᠲᠠᠢ ᠪᠠᠶᠢᠵᠤ᠂ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ᠂ ᠡᠮᠬᠢ ᠵᠢᠷᠤᠮ ᠲᠠᠢ ᠪᠠᠷ ᠳᠥᠯᠭᠢᠨ ᠠᠬᠢᠭᠤᠯᠬᠤ ᠬᠡᠷᠡᠭᠲᠡᠶ︔ ᠬᠥᠯᠥᠰᠥᠨ ᠠᠵᠢᠯᠴᠢᠨ ᠤ ᠬᠥᠳᠡᠯᠮᠦᠷᠢ ᠶᠢᠨ ᠬᠥᠯᠥᠰᠥ ᠣᠯᠭᠤᠮᠵᠢ ᠶᠢᠨ ᠡᠷᠬᠡ ᠠᠰᠢᠭ ᠢ ᠦᠨᠡᠨ ᠬᠦ ᠪᠠᠲᠤᠯᠠᠬᠤ ᠶᠢᠨ ᠵᠡᠷᠭᠡᠴᠡᠭᠡᠪᠡᠷ ᠮᠤᠵᠢᠭᠤᠳᠠ ᠪᠠᠷ ᠴᠠᠯᠢᠩ ᠨᠡᠬᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠪᠠ ᠬᠠᠮᠢᠶᠠᠷᠤᠯᠲᠠ ᠶᠢ ᠪᠠᠶᠢᠩᠭᠤᠵᠢᠭᠤᠯᠬᠤ᠂ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠯᠭᠠᠬᠤ ᠶᠢ ᠪᠦᠬᠦ ᠬᠦᠴᠦᠨ ᠢᠶᠠᠷ ᠠᠬᠢᠭᠤᠯᠵᠤ᠂ ᠮᠠᠨ ᠤ ᠰᠢᠶᠠᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠪᠠ ᠬᠠᠮᠢᠶᠠᠷᠤᠯᠲᠠ ᠶᠢᠨ ᠠᠵᠢᠯ ᠤᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠮᠠᠨ ᠤ ᠰᠢᠶᠠᠨ ᠤ ᠰᠣᠶᠣᠯ ᠵᠤᠭᠠᠴᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠳᠡᠮᠵᠢᠬᠦ ᠬᠡᠷᠡᠭᠲᠡᠢ ᠭᠡᠵᠡᠢ᠃      ᠰᠢᠶᠠᠨ ᠤ ᠤᠳᠤᠷᠢᠳᠤᠯᠭ᠎ᠠ ᠶᠠᠩ ᠶᠢᠨ᠂ ᠷᠧᠨ ᠷᠦᠢ᠂ ᠶᠦᠨ ᠵᠢᠶᠠᠨ ᠵᠥᠩ᠂ ᠰᠢᠶᠧ ᠴᠦᠨ ᠯᠦᠩ᠂ ᠡᠯ᠎ᠡ ᠪᠠᠯᠭᠠᠰᠤ᠂ ᠬᠠᠲᠤᠨ ᠭᠤᠤᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1