ᠲᠣᠭᠲᠠᠬᠤ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠬᠠᠮᠲᠤᠷᠠᠭᠰᠠᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/11/23
      11 ᠳ᠋ᠤᠭᠡᠷ ᠰᠠᠷ᠎ᠠ ᠶᠢᠨ 22 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠲᠣᠭᠲᠠᠬᠤ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠬᠠᠮᠲᠤᠷᠠᠭᠰᠠᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠵᠢᠷᠤᠮ ᠢ ᠵᠢᠷᠤᠮᠵᠢᠭᠤᠯᠵᠤ᠂ ᠡᠯ᠎ᠡ ᠵᠦᠢᠯ ᠤᠨ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠴᠠᠭ ᠲᠤᠬᠠᠶ ᠳᠤᠨᠢ ᠥᠨᠳᠥᠷ ᠪᠦᠲᠦᠮᠵᠢᠲᠡᠶ ᠪᠠᠷ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠠᠷᠭ᠎ᠠ ᠵᠠᠮ ᠢ ᠲᠠᠰᠤᠷᠠᠯᠳᠠ ᠦᠭᠡᠢ ᠰᠠᠭᠠᠳ ᠦᠭᠡᠢ ᠨᠡᠪᠲᠡᠷᠡᠭᠦᠯᠵᠦ᠂ ᠤᠯᠠᠨ ᠲᠦᠮᠡᠨ ᠤ ᠬᠠᠤᠯᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠬᠠᠤᠯᠢ ᠶᠣᠰᠣᠭᠠᠷ ᠰᠢᠢᠳᠪᠦᠷᠢᠯᠡᠵᠦ᠂ ᠪᠦᠬᠦ ᠰᠢᠶᠠᠨ ᠤ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
     ᠰᠢᠶᠠᠨ ᠤ ᠤᠳᠤᠷᠢᠳᠤᠯᠭ᠎ᠠ ᠭᠤᠤ ᠵᠧᠩ᠂ ᠰᠦᠨ ᠰᠢᠶᠦ᠋ᠨ᠂ ᠶᠦᠨ ᠷᠦᠢ ᠵᠢᠶᠦ᠋ᠨ᠂ ᠸᠠᠩ ᠮᠢᠩ ᠵᠡᠷᠭᠡ ᠰᠢᠶᠠᠨ ᠭᠠᠵᠠᠷ ᠤᠨ ᠲᠠᠰ ᠤᠨ ᠬᠠᠮᠢᠶ᠎ᠠ ᠪᠥᠬᠦᠶ ᠤᠳᠤᠷᠢᠳᠤᠯᠭ᠎ᠠ᠂ ᠡᠯ᠎ᠡ ᠪᠠᠯᠭᠠᠰᠤ᠂ ᠬᠠᠲᠤᠨ ᠭᠤᠤᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠬᠤᠷᠠᠯ ᠳᠤ ᠣᠷᠣᠯᠴᠠᠵᠠᠶ᠃      ᠬᠤᠷᠠᠯ ᠠᠴᠠ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠬᠦ ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠬᠠᠮᠠᠭᠠᠯᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠨ᠂ ᠪᠠᠶᠢᠳᠠᠯ ᠢ ᠣᠨᠣᠪᠴᠢᠲᠠᠶ ᠡᠵᠡᠮᠳᠡᠵᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠣᠶᠢᠷ᠎ᠠ ᠶᠢᠨ ᠬᠤᠭᠤᠴᠠᠭᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠶ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠲᠣᠭᠲᠠᠴᠠ ᠶᠢ ᠰᠢᠯᠢᠳᠡᠭᠵᠢᠭᠦᠯᠵᠦ᠂ ︽ᠬᠠᠷᠢᠶ᠎ᠠ ᠣᠷᠣᠨ ᠳᠤᠨᠢ ᠬᠠᠮᠢᠶᠠᠷᠤᠭᠤᠯᠵᠤ᠂ ᠱᠠᠳᠤ ᠬᠤᠪᠢᠶᠠᠨ ᠬᠠᠷᠢᠭᠤᠴᠠᠬᠤ︾᠂ ︽ᠬᠡᠨ ᠭᠤᠣᠯᠯᠠᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠢ ᠴᠢᠩᠭ᠎ᠠ ᠵᠢᠷᠤᠮᠯᠠᠨ᠂ ᠢᠳᠡᠪᠬᠢᠲᠡᠢ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠬᠠᠷᠢᠭᠤᠴᠠᠵᠤ᠂ ᠬᠠᠷᠢᠯᠴᠠᠨ ᠤᠯᠤᠯᠴᠠᠵᠤ ᠵᠣᠬᠢᠴᠠᠭᠤᠯᠬᠤ ᠪᠠᠨ ᠴᠢᠩᠭᠠᠳᠬᠠᠵᠤ᠂ ᠠᠰᠠᠭᠤᠳᠠᠯ ᠢ ᠣᠯᠵᠤ ᠮᠡᠳᠡᠪᠡᠯ ᠲᠡᠷᠡ ᠳᠠᠷᠤᠢ ᠳᠤᠨᠢ ᠲᠤᠬᠠᠢ ᠶᠢᠨ ᠭᠠᠵᠠᠷ ᠲᠤᠨᠢ ᠲᠣᠭᠲᠠᠭᠤᠨ ᠢᠶᠠᠷ ᠡᠵᠡᠮᠳᠡᠵᠦ᠂ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠠᠵᠢᠯ ᠢᠶᠠᠨ ᠡᠩ ᠤᠨ ᠴᠠᠭ ᠲᠤ ᠬᠢᠵᠦ᠂ ᠲᠦᠷᠦᠭᠦᠨ ᠳᠤᠨᠢ ᠬᠢᠵᠦ᠂ ᠣᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ︽ᠪᠠᠴᠢᠮ ᠪᠡᠷᠬᠡ ᠵᠣᠪᠠᠨᠢᠯ︾ ᠠᠰᠠᠭᠤᠳᠠᠯ ᠢ ᠦᠨᠡᠨ ᠬᠦ ᠰᠠᠶᠢᠲᠤᠷ ᠰᠢᠢᠳᠪᠦᠷᠢᠯᠡᠵᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ ᠭᠡᠵᠡᠢ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1