ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2021 ᠣᠨ ᠤ 19 ᠳ᠋ᠦ᠋ᠭᠡᠷ ᠤᠳᠠᠭ᠎ᠠ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/11/24
      11 ᠳ᠋ᠦ᠋ᠭᠡᠷ ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2021 ᠣᠨ ᠤ 19 ᠳ᠋ᠦ᠋ᠭᠡᠷ ᠤᠳᠠᠭ᠎ᠠ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠰᠤᠳᠤᠯᠤᠨ ᠶᠠᠷᠢᠯᠴᠠᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠠᠷᠢᠬᠢᠨ ᠳᠤ ᠬᠠᠳᠠᠩᠰᠢᠭᠤᠯᠵᠤ᠂ ᠰᠡᠳᠬᠢᠯ ᠳᠤ ᠬᠠᠳᠠᠩᠰᠢᠭᠤᠯᠵᠤ᠂ ᠭᠦᠨᠵᠡᠭᠡᠢ ᠪᠣᠳᠠᠲᠠᠶᠢᠵᠢᠭᠤᠯᠬᠤ ᠶᠢ ᠠᠬᠢᠭᠤᠯᠪᠠ᠃
     ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠭᠤᠣ ᠵᠧᠩ ᠰᠤᠷᠤᠯᠴᠠᠯᠭ᠎ᠠ ᠶᠢᠨ ᠬᠤᠷᠠᠯ ᠢ ᠡᠷᠭᠢᠯᠡᠪᠡ᠃ ᠶᠦᠨ ᠷᠦᠢ ᠵᠢᠶᠦ᠋ᠨ ᠵᠡᠷᠭᠡ ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ᠃ ᠬᠤᠳᠠ ᠶᠢᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠬᠤᠶᠠᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠵᠤᠤ ᠹᠦ᠋ ᠳ᠋ᠡ᠂ ᠳᠤᠭᠤᠶᠢᠯᠠᠩ ᠤᠨ ᠳᠡᠳ᠋ ᠳᠠᠷᠤᠭ᠎ᠠ ᠯᠢᠦ ᠶᠦᠩ ᠰᠢᠤᠸᠠᠢ ᠨᠠᠷ ᠬᠤᠷᠠᠯ ᠳᠤ ᠵᠢᠭᠠᠨ ᠵᠢᠯᠣᠭᠤᠳᠪᠠ᠃      ᠬᠤᠷᠠᠯ ᠠᠴᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠥᠪᠯᠡᠷᠡᠭᠦᠯᠦᠨ ᠤᠯᠠᠮᠵᠢᠯᠠᠨ ᠰᠤᠷᠤᠯᠴᠠᠪᠠ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢᠨ ᠲᠣᠭᠤᠷᠢᠨ ᠳᠤ᠂ ᠭᠤᠣᠯ ᠳᠤᠭᠤᠶᠢᠯᠠᠩ ᠤᠨ ᠪᠦᠷᠢᠯᠳᠦᠬᠦᠨ ᠰᠦᠨ ᠬᠠᠢ ᠱᠧᠩ᠂ ᠯᠢᠦ ᠹᠸᠢ᠂ ᠷᠧᠨ ᠷᠦᠢ᠂ ᠰᠢᠶᠧ ᠴᠦᠨ ᠯᠦᠩ ᠶᠠᠷᠢᠶ᠎ᠠ ᠲᠠᠯᠪᠢᠪᠠ︔ ᠪᠤᠰᠤᠳ ᠭᠤᠣᠯ ᠳᠤᠭᠤᠶᠢᠯᠠᠩ ᠤᠨ ᠪᠦᠷᠢᠯᠳᠦᠬᠦᠨ ᠨᠡᠷ ᠪᠢᠴᠢᠭ ᠢᠶᠠᠷ ᠶᠠᠷᠢᠶᠠᠨ ᠤ ᠮᠠᠲ᠋ᠧᠷᠢᠶᠠᠯ ᠢᠶᠠᠨ ᠲᠤᠰᠢᠶᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠰᠢᠶᠠᠨ ᠢᠶᠠᠷ ᠢᠶᠠᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠴᠢᠬᠤᠯᠠ ᠶᠠᠷᠢᠶᠠᠨ ᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠲᠠᠢ ᠭᠦᠢᠴᠡᠳ ᠤᠶᠠᠯᠳᠤᠭᠤᠯᠵᠤ᠂ ᠰᠢᠰᠲ᠋ᠧᠮᠳᠦ ᠰᠡᠳᠬᠢᠬᠦᠢ ᠶᠢ ᠪᠤᠢ ᠪᠣᠯᠭᠠᠵᠤ᠂ ᠴᠢᠭᠯᠡᠯ ᠵᠠᠮ ᠱᠤᠭᠤᠮ ᠢ ᠴᠢᠨᠠᠭᠰᠢᠳᠠ ᠲᠣᠳᠣᠷᠬᠠᠶᠢᠯᠠᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠣᠭᠲᠠᠬᠤ ᠰᠢᠶᠠᠨ ᠳᠤ ᠦᠨᠳᠦᠰᠦᠯᠡᠭᠦᠯᠵᠦ᠂ ᠴᠡᠴᠡᠭᠯᠡᠨ ᠵᠢᠮᠢᠰᠯᠡᠬᠦ ᠶᠢ ᠠᠬᠢᠭᠤᠯᠬᠤ ᠬᠡᠷᠡᠭᠲᠡᠢ ᠭᠡᠪᠡ᠃      ᠬᠤᠷᠠᠯ ᠠᠴᠠ᠂ ᠴᠢᠭᠯᠡᠯ ᠢᠶᠠᠨ ᠲᠣᠳᠣᠷᠬᠠᠶᠢᠯᠠᠵᠤ᠂ ᠲᠡᠮᠡᠴᠡᠯ ᠤᠨ ᠵᠣᠷᠢᠭ ᠢᠶᠠᠨ ᠬᠥᠪᠴᠢᠯᠡᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠢ᠃ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠂ ᠡᠯ᠎ᠡ ᠱᠠᠲᠤᠨ ᠤ ᠤᠳᠤᠷᠢᠳᠬᠤ ᠺᠠᠳ᠋ᠷ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ᠂ ᠤᠨᠤᠯ ᠤᠨ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ᠂ ᠬᠤᠪᠢ ᠬᠥᠮᠦᠨ ᠥᠪᠡᠷ ᠢᠶᠠᠨ ᠰᠤᠷᠤᠯᠴᠠᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠦᠨᠡᠨᠬᠦ ᠲᠤᠭᠤᠷᠠᠳᠠᠯ᠎ᠠ ᠣᠶᠢᠯᠠᠭᠠᠵᠤ᠂ ᠣᠨᠣᠪᠴᠢᠲᠠᠢ ᠡᠵᠡᠮᠰᠢᠬᠦ ᠬᠡᠷᠡᠭᠲᠡᠢ᠃ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠠᠮ ᠵᠠᠭᠤᠴᠢᠯᠠᠭᠤᠷ ᠤᠨ ᠲᠥᠪ ᠵᠡᠷᠭᠡ ᠰᠠᠯᠠᠭ᠎ᠠ ᠮᠥᠴᠢᠷ ᠤᠨ ᠬᠢᠨ ᠤᠯᠠᠨ ᠶᠠᠩᠵᠤ ᠶᠢᠨ ᠬᠡᠯᠪᠡᠷᠢ ᠲᠠᠢ᠂ ᠪᠠᠶᠠᠯᠢᠭ ᠠᠭᠤᠯᠭ᠎ᠠ ᠲᠠᠢ ᠤᠬᠠᠭᠤᠯᠬᠤ ᠠᠷᠭ᠎ᠠ ᠬᠡᠯᠪᠡᠷᠢ ᠶᠢ ᠠᠪᠴᠤ᠂ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠠᠶᠢᠭᠤᠯᠭ᠎ᠠ᠂ ᠨᠡᠶᠢᠭᠡᠮ ᠲᠣᠭᠤᠷᠢᠭ᠂ ᠰᠤᠷᠭᠠᠭᠤᠯᠢ᠂ ᠠᠵᠤ ᠠᠬᠤᠶᠢᠯᠠᠯ᠂ ᠬᠥᠳᠡᠭᠡ ᠲᠣᠰᠬᠤᠨ ᠳᠤ ᠬᠦᠷᠭᠡᠬᠦ ᠶᠢ ᠠᠬᠢᠭᠤᠯᠵᠤ᠂ ᠪᠦᠬᠦ ᠰᠢᠶᠠᠨ ᠳᠤ ᠰᠤᠷᠤᠯᠴᠠᠵᠦ ᠤᠬᠠᠭᠤᠯᠤᠨ ᠲᠤᠤᠱᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠬᠥᠮᠦᠨ ᠪᠦᠬᠦᠨ ᠳᠤ ᠮᠡᠳᠡᠭᠦᠯᠵᠦ᠂ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠵᠢᠯ ᠤᠨ ᠡᠴᠦᠰ ᠪᠣᠯᠬᠤ ᠭᠡᠵᠦ ᠪᠠᠶᠢᠭ᠎ᠠ ᠦᠶ᠎ᠡ ᠳᠤ᠂ ᠡᠯ᠎ᠡ ᠲᠦᠷᠦᠯ ᠤᠨ ᠠᠵᠢᠯ ᠰᠡᠭᠦᠯ ᠬᠤᠷᠢᠶᠠᠬᠤ ᠱᠠᠲᠤᠨ ᠳᠤ ᠣᠷᠣᠵᠤ᠂ ᠶᠠᠭᠠᠷᠠᠬᠤ ᠠᠴᠠ ᠪᠢᠰᠢ ᠰᠠᠮᠠᠭᠤᠷᠠᠬᠤ ᠦᠭᠡᠢ ᠪᠠᠶᠢᠵᠤ᠂ ᠨᠢᠭᠡᠳᠦᠯᠲᠡᠢ ᠲᠥᠯᠥᠪᠵᠢᠭᠦᠯᠬᠦ ᠶᠢ ᠰᠠᠶᠢᠲᠤᠷ ᠠᠳᠬᠤᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠬᠦ ᠵᠢᠯ ᠤᠨ ᠬᠠᠷᠠᠯᠲᠠ ᠡᠭᠦᠷᠭᠡ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠡᠪᠦᠯ ᠤᠨ ᠤᠯᠠᠷᠢᠯ ᠤᠨ ᠢᠯᠴᠢ ᠬᠠᠩᠭᠠᠬᠤ᠂ ᠡᠩ ᠤᠨ ᠦᠨ᠎ᠡ ᠪᠠᠷ ᠨᠡᠭᠦᠷᠡᠰᠦ ᠲᠠᠷᠬᠠᠭᠠᠬᠤ᠂ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ᠂ ᠬᠥᠯᠥᠰᠥᠨ ᠠᠵᠢᠯᠴᠢᠨ ᠤ ᠴᠠᠯᠢᠩ ᠢ ᠣᠯᠭᠤᠬᠤ᠂ ᠠᠮᠤᠷ ᠲᠦᠪᠰᠢᠨ ᠲᠣᠭᠲᠠᠭᠤᠨ ᠪᠠᠶᠢᠯᠭᠠᠬᠤ ᠵᠡᠷᠭᠡ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠰᠢᠯᠢᠳᠡᠭ ᠠᠮᠵᠢᠯᠲᠠ ᠪᠠᠷ ᠡᠨᠡ ᠵᠢᠯ ᠤᠨ ᠠᠵᠢᠯ ᠢᠶᠠᠨ ᠲᠡᠭᠦᠰ ᠠᠮᠵᠢᠯᠲᠠ ᠲᠠᠢ ᠲᠡᠭᠦᠰᠬᠡᠵᠦ᠂ ᠨᠠᠮ ᠤᠨ ᠥᠪᠡᠷᠲᠡᠭᠡᠨ ᠵᠠᠰᠠᠬᠤ ᠣᠷᠣᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠱᠠᠭᠠᠷᠳᠠᠪᠠ᠃      ᠡᠭᠦᠨ ᠤ ᠬᠠᠮᠲᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠡᠨᠡᠬᠦ ᠦᠨᠳᠦᠰᠦᠨ ᠱᠠᠭᠠᠷᠳᠠᠯᠭ᠎ᠠ ᠶᠢ ᠪᠠᠲᠤ ᠡᠵᠡᠮᠰᠢᠵᠦ᠂ ᠬᠤᠲᠠ ᠶᠢᠨ ᠨᠠᠮ ᠤᠨ ᠬᠤᠷᠢᠶ᠎ᠠ ᠶᠢᠨ ︽ᠭᠤᠷᠪᠠᠨ ᠬᠤᠲᠠ︾ ᠶᠢ ᠴᠢᠷᠮᠠᠶᠢᠨ ᠡᠭᠦᠳᠬᠦ᠂ ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠯᠡᠯ︾ ᠢ ᠪᠤᠶᠢᠵᠢᠭᠤᠯᠬᠤ᠂ ︽ᠳᠥᠷᠪᠡᠨ ᠣᠷᠣᠨ ᠪᠦᠰᠡ ᠶᠢᠨ ᠲᠥᠪ︾ ᠢ ᠪᠠᠶᠢᠭᠤᠯᠬᠤ᠂ ︽ᠳᠥᠷᠪᠡᠨ ᠶᠡᠭᠡ ᠠᠵᠤ ᠠᠬᠤᠶ ᠶᠢᠨ ᠲᠣᠭᠤᠷᠢᠭ︾ ᠲᠤ ᠠᠭᠤᠰᠤᠯᠴᠠᠬᠤ ᠶᠢ ᠠᠬᠢᠭᠤᠯᠬᠤ᠂ ︽ᠲᠠᠪᠤᠨ ᠲᠣᠬᠢᠷᠠᠮᠵᠢᠲᠠᠶ ᠬᠤᠲᠠ︾ ᠶᠢ ᠪᠦᠲᠦᠭᠡᠨ ᠪᠠᠶᠢᠭᠤᠯᠬᠤ ᠬᠥᠭᠵᠢᠯᠲᠡ ᠶᠢᠨ ᠬᠠᠷᠠᠯᠲᠠ ᠶᠣᠰᠣᠭᠠᠷ᠂ ᠮᠠᠨ ᠤ ᠰᠢᠶᠠᠨ ᠤ ᠪᠣᠳᠠᠲᠠᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠪᠣᠯᠤᠨ ᠭᠤᠷᠪᠠᠨ ᠶᠡᠭᠡ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠢ ᠰᠢᠨᠵᠢᠯᠡᠬᠦ ᠤᠬᠠᠭᠠᠨᠴᠢ ᠪᠠᠷ ᠰᠦᠪᠡᠭᠴᠢᠯᠡᠵᠦ᠂ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠬᠤᠳᠠ ᠬᠥᠳᠡᠭᠡ᠂ ᠣᠷᠣᠨ ᠪᠦᠰᠡ ᠶᠢᠨ ᠬᠥᠭᠵᠢᠯᠲᠡ ᠶᠢᠨ ᠵᠦᠷᠢᠶ᠎ᠡ ᠶᠢ ᠦᠷᠭᠦᠯᠵᠢᠯᠡᠨ ᠪᠠᠭᠠᠰᠬᠠᠵᠤ᠂ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠵᠤ᠂ ᠤᠷᠳᠤ ᠬᠤᠭᠤᠴᠠᠭ᠎ᠠ ᠪᠠᠷ ᠴᠢᠷᠮᠠᠶᠢᠨ ᠠᠵᠢᠯᠯᠠᠵᠤ᠂ ᠬᠠᠮᠲᠤᠪᠠᠷ ᠴᠢᠨᠡᠭᠡᠯᠢᠭᠵᠢᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠪᠦᠬᠦ ᠰᠢᠶᠠᠨ ᠤ ᠠᠷᠠᠳ ᠲᠦᠮᠡᠨ ᠳᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠭᠦᠯᠬᠦ ᠪᠠᠷ ᠴᠢᠷᠮᠠᠶᠢᠨ᠎ᠠ ᠭᠡᠵᠦ ᠴᠢᠬᠤᠯᠠᠴᠢᠯᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1