ᠲᠣᠭᠲᠠᠬᠤ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠬᠠᠮᠲᠤᠷᠠᠭᠰᠠᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/11/24
      11 ᠳ᠋ᠤᠭᠡᠷ ᠰᠠᠷ᠎ᠠ ᠶᠢᠨ 23 ᠤ ᠡᠳᠦᠷ᠂ ᠲᠣᠭᠲᠠᠬᠤ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠬᠠᠮᠲᠤᠷᠠᠭᠰᠠᠨ ᠬᠤᠷᠠᠯᠳᠤᠭᠠᠨ ᠢ ᠬᠤᠷᠠᠯᠳᠤᠭᠤᠯᠵᠤ᠂ ᠪᠦᠬᠦ ᠰᠢᠶᠠᠨ ᠤ ᠤᠢᠢᠷ᠎ᠠ ᠶᠢᠨ ᠬᠤᠭᠤᠴᠠᠭᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠪᠠᠶᠢᠳᠠᠯ ᠢ ᠵᠠᠳᠠᠯᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠵᠠᠶ᠃      ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠭᠤᠤ ᠵᠧᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠸᠠᠩ ᠮᠢᠩ ᠲᠠᠷᠠᠭᠠᠴᠢ ᠶᠢᠨ ᠠᠯᠬᠤᠮ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠳᠤ ᠪᠠᠶᠢᠷᠢᠯᠠᠭᠤᠯᠤᠯᠲᠠ ᠬᠢᠪᠡ᠃
     ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠠᠷᠠᠳ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠦᠵᠡᠯ ᠰᠠᠨᠠᠭᠠᠨ ᠤ ᠲᠠᠨᠢᠯᠲᠠ ᠪᠠᠨ ᠭᠦᠨᠵᠡᠭᠡᠶᠢᠷᠡᠭᠦᠯᠵᠦ᠂ ᠪᠠᠶᠢᠳᠠᠯ ᠢ ᠣᠨᠣᠪᠴᠢᠲᠠᠶ ᠡᠵᠡᠮᠳᠡᠨ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠪᠣᠳᠠᠲᠠᠶ ᠪᠥᠭᠡᠳ ᠨᠠᠷᠢᠯᠢᠭ ᠠᠳᠬᠤᠵᠤ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠠᠷᠢᠭᠤᠴᠠᠯᠭ᠎ᠠ ᠶᠢ ᠱᠠᠳᠤ ᠱᠠᠳᠤ ᠪᠠᠷ ᠪᠣᠳᠠᠲᠠᠶᠢᠵᠢᠭᠤᠯᠵᠤ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠤ᠂ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠵᠤ᠂ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ︽ᠪᠠᠴᠢᠮ ᠬᠦᠴᠢᠷ ᠵᠤᠪᠠᠨᠢᠯ︾ ᠠᠰᠠᠭᠤᠳᠠᠯ ᠢ ᠦᠨᠡᠨᠬᠦ ᠰᠠᠶᠢᠲᠤᠷ ᠰᠢᠢᠳᠪᠦᠷᠢᠯᠡᠬᠦ ᠬᠡᠷᠡᠭᠲᠡᠢ᠃ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠨᠠᠷᠢᠯᠢᠭ ᠣᠨᠣᠴᠠᠲᠠᠶ ᠪᠠᠷ ᠰᠤᠳᠤᠯᠤᠨ ᠮᠠᠭᠠᠳᠯᠠᠵᠤ᠂ ᠭᠤᠣᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠤᠶᠤᠨ ᠴᠢᠳᠠᠯ ᠢᠶᠠᠨ ᠲᠥᠪᠯᠡᠷᠡᠭᠦᠯᠦᠨ ᠠᠷᠢᠯᠭᠠᠵᠤ᠂ ᠲᠠᠬᠢᠨ ᠳᠠᠪᠲᠠᠨ ᠵᠢᠭᠤᠷᠠᠯᠳᠤᠨ ᠰᠤᠷᠪᠤᠯᠵᠢᠯᠠᠬᠤ᠂ ᠦᠢᠮᠡᠭᠦᠯᠦᠨ ᠰᠤᠷᠪᠤᠯᠵᠢᠯᠠᠬᠤ ᠵᠡᠷᠭᠡ ᠬᠠᠤᠯᠢ ᠪᠤᠰᠤ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠪᠦᠬᠦ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠣᠷᠴᠢᠨ ᠨᠥᠬᠦᠴᠡᠯ ᠢ ᠦᠨᠡᠨ ᠬᠦ ᠴᠡᠪᠡᠷᠰᠢᠭᠦᠯᠬᠦ ᠬᠡᠷᠡᠭᠲᠡᠶ ᠭᠡᠵᠡᠢ᠃      ᠰᠢᠶᠠᠨ ᠤ ᠤᠳᠤᠷᠢᠳᠤᠯᠭ᠎ᠠ ᠭᠤᠤ ᠬᠠᠨ᠂ ᠶᠠᠩ ᠶᠢᠨ᠂ ᠵᠠᠩ ᠵᠧᠨ ᠬᠠᠢ᠂ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1