2021 ᠣᠨ ᠤ ᠲᠣᠭᠲᠠᠬᠤ ᠰᠢᠶᠠᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠵᠢᠴᠢ ᠨᠠᠮ ᠤᠨ ᠠᠵᠢᠯᠲᠠᠨ ᠤ ᠪᠣᠯᠪᠠᠰᠤᠷᠠᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2021/11/25
      ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠦ᠂ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠶᠢ ᠴᠢᠩᠭᠠᠳᠬᠠᠵᠤ᠂ ᠮᠠᠨ ᠤ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠣᠯᠤᠨ ᠨᠠᠮ ᠤᠨ ᠭᠡᠰᠢᠭᠦᠨ ᠤ ᠡᠩᠨᠡᠭᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠨᠠᠮ ᠤᠨ ᠠᠵᠢᠯ ᠤᠨ ᠠᠵᠢᠯᠲᠠᠳ ᠤᠨ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠪᠣᠯᠤᠨ ᠦᠢᠯᠡᠴᠢᠯᠡᠬᠦ ᠴᠢᠳᠠᠪᠤᠷᠢ ᠶᠢ ᠴᠢᠨᠠᠭᠰᠢᠳᠠ ᠴᠢᠩᠭᠠᠳᠬᠠᠬᠤ ᠶᠢᠨ ᠲᠦᠯᠦᠭᠡ᠂ 11 ᠳ᠋ᠤᠭᠡᠷ ᠰᠠᠷ᠎ᠠ ᠶᠢᠨ 23 ᠤ ᠡᠳᠦᠷ᠂ ᠲᠣᠭᠲᠠᠬᠤ ᠰᠢᠶᠠᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠵᠢᠴᠢ ᠨᠠᠮ ᠤᠨ ᠠᠵᠢᠯᠲᠠᠳ ᠤᠨ ᠪᠣᠯᠪᠠᠰᠤᠷᠠᠯ ᠤᠨ ᠠᠩᠬᠢ᠂ ᠪᠦᠬᠦ ᠰᠢᠶᠠᠨ ᠤ ︽ᠭᠤᠷᠪᠠᠨ ᠵᠥᠪᠯᠡᠯ︾ ᠤᠨ ᠺᠠᠳ᠋ᠷᠴᠤᠳ ᠤᠨ ᠪᠣᠯᠪᠠᠰᠤᠷᠠᠯ ᠤᠨ ᠠᠩᠬᠢ᠂ ᠪᠦᠬᠦ ᠰᠢᠶᠠᠨ ᠤ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠬᠢ ᠡᠬᠢᠯᠡᠪᠡ᠃
     ᠲᠣᠰ ᠤᠳᠠᠭᠠᠨ ᠤ ᠪᠣᠯᠪᠠᠰᠤᠷᠠᠯ ᠤᠨ ᠠᠩᠭᠢ ᠨᠢ ᠰᠢᠨ᠎ᠡ ᠪᠠᠶᠢᠳᠠᠯ ᠤᠨ ᠳᠣᠤᠷᠠᠬᠢ ᠨᠠᠮ ᠤᠨ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠶᠢ ᠦᠨᠳᠦᠰᠦᠯᠡᠨ᠂ ᠰᠢᠶᠠᠨ ᠤ ᠪᠠᠶᠢᠭᠤᠯᠭ᠎ᠠ ᠠᠵᠤ ᠠᠬᠤᠶᠢᠯᠠᠯ ᠠᠵᠢᠯ ᠦᠢᠡᠯᠰ ᠤᠨ ᠨᠢᠭᠡᠴᠡ ᠪᠣᠯᠤᠨ ᠰᠢᠶᠠᠩ ᠪᠠᠯᠭᠠᠰᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠵᠥᠷᠢᠶ᠎ᠡ ᠳᠤ ᠰᠠᠭᠤᠷᠢᠯᠠᠨ᠂ ᠵᠢᠭᠠᠨ ᠰᠤᠷᠭᠠᠯᠲᠠ ᠶᠢᠨ ᠠᠭᠤᠯᠭ᠎ᠠ ᠶᠢ ᠨᠠᠷᠢᠨ ᠨᠢᠮᠪᠠᠶ ᠲᠥᠯᠥᠪᠯᠡᠵᠦ᠂ ᠣᠨᠣᠯ ᠪᠠ ᠲᠤᠬᠠᠶᠢᠯᠠᠭᠰᠠᠨ ᠠᠵᠢᠯ ᠢ ᠬᠠᠷᠢᠯᠴᠠᠨ ᠤᠶᠠᠯᠳᠤᠭᠤᠯᠵᠤ᠂ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ︾ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠵᠡᠷᠭᠡ ᠪᠠᠷ ᠬᠢᠴᠢᠶᠡᠯᠯᠡᠨ᠎ᠡ᠃ ᠲᠤᠰ ᠤᠳᠠᠭ᠎ᠠ ᠶᠢᠨ ᠪᠣᠯᠪᠠᠰᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠬᠢᠵᠢᠭᠦᠯᠬᠦ ᠤᠬᠠᠮᠰᠠᠷ ᠵᠡᠷᠭᠡ ᠠᠭᠤᠯᠭ᠎ᠠ ᠳᠤ ᠲᠠᠶᠢᠯᠤᠮᠵᠢ ᠬᠢᠬᠦ ᠪᠣᠯᠤᠨ᠎ᠠ᠃ ᠨᠠᠮ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠪᠦᠬᠦ ᠲᠠᠯ᠎ᠠ ᠶᠢᠨ ᠤᠳᠤᠷᠢᠳᠤᠯᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ᠂ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠠᠵᠢᠯ ᠳᠤ ᠲᠤᠰᠬᠠᠢ ᠰᠡᠳᠦᠪᠲᠦ ᠬᠠᠪᠰᠤᠷᠤᠨ ᠵᠢᠯᠤᠭᠤᠳᠤᠯᠭ᠎ᠠ ᠬᠢᠵᠦ᠂ ᠪᠣᠯᠪᠠᠰᠤᠷᠠᠯ ᠳᠤ  ᠤᠷᠤᠯᠴᠠᠭᠰᠠᠳ ᠨᠢᠭᠡᠪᠦᠷᠢ ᠶᠢᠨ ᠰᠤᠷᠤᠯᠴᠠᠬᠤ ᠪᠠᠷ ᠲᠠᠮᠵᠢᠨ ᠣᠯᠤᠯᠲᠠ ᠲᠠᠢ᠂ ᠠᠰᠢᠭ ᠲᠤᠰᠠ ᠲᠠᠢ ᠪᠤᠯᠭᠠᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1