ᠠᠮᠢᠳᠤᠯᠢᠭ ᠢᠶᠠᠷ ᠠᠵᠢᠯ ᠣᠯᠤᠭᠰᠠᠳ 2020 ᠣᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠦᠯᠦᠪᠦᠷᠢ ᠪᠠᠨ ᠨᠥᠬᠦᠨ ᠲᠤᠰᠢᠶᠠᠵᠤ ᠪᠣᠯᠤᠨ᠎ᠠ
ᠨᠡᠶᠢᠲᠡᠯᠡᠭᠰᠡᠨ ᠴᠠᠭ᠄
2021/11/25
      ᠰᠢᠨᠵᠢᠶᠠᠩ ᠤᠨ ᠰᠦᠯᠵᠢᠶ᠎ᠡ ᠶᠢᠨ ᠮᠡᠳᠡᠭᠡ ︵ᠰᠤᠷᠪᠤᠯᠵᠢᠯᠠᠭᠴᠢ ᠱᠢ ᠴᠦ᠋ᠧᠠᠨ ᡁᠢ︶  ᠡᠨᠡ  ᠵᠢᠯ ᠤᠨ  12ᠰᠠᠷ᠎ᠠ ᠵᠢᠨ‌‍ᠰᠡᠭᠦᠯᠴᠢ ᠠᠴᠠ ᠡᠮᠦᠨ᠎ᠡ᠂ ᠠᠮᠢᠳᠤᠯᠢᠭ ᠢᠶᠠᠷ ᠠᠵᠢᠯ ᠣᠯᠤᠭᠰᠠᠳ 2020 ᠣᠨ ᠤ 1 ᠰᠠᠷ᠎ᠠ ᠠᠴᠠ  ᠣᠲᠣ  ᠪᠣᠯᠲᠠᠯ᠎ᠠ ᠲᠤᠰᠢᠶᠠᠭᠠᠳᠤᠶ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠦᠯᠦᠪᠦᠷᠢ ᠪᠠᠨ ᠨᠥᠬᠦᠵᠦ ᠲᠤᠰᠢᠶᠠᠵᠤ ᠪᠣᠯᠤᠨ᠎ᠠ᠂ᠴᠠᠭ ᠢ ᠠᠯᠳᠠᠪᠠᠯ ᠨᠥᠬᠦᠵᠦ ᠲᠤᠰᠢᠶᠠᠵᠤ ᠪᠣᠯᠬᠤ ᠥᠬᠡᠶ ᠪᠤᠯᠴᠢᠬᠠᠨ᠎ᠠ᠃              11 ᠰᠠᠷ᠎ᠠ ᠶᠢᠨ 22 ᠤᠨ ᠡᠳᠦᠷ᠂  ᠰᠤᠷᠪᠤᠯᠵᠢᠯᠠᠭᠴᠢ ᠦᠷᠦᠮᠴᠢ ᠬᠤᠲᠠ ᠶᠢᠨ ᠨᠡᠶᠢᠭᠡᠮ ᠤᠨ ᠳᠠᠭᠠᠳᠬᠠᠯ ᠤᠨ ᠲᠥᠪ ᠠᠴᠠ ᠣᠶᠢᠯᠠᠭᠠᠭᠰᠠᠨ ᠢᠶᠠᠷ᠂ ᠬᠤᠪᠢ ᠬᠥᠮᠦᠨ ᠤ ᠪᠡᠶ᠎ᠡ ᠬᠡᠮ ᠢᠶᠠᠷ ᠢᠶᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠ ᠠᠮᠢᠳᠤᠯᠢᠭ ᠢᠶᠠᠷ ᠠᠵᠢᠯ ᠣᠯᠤᠭᠰᠠᠳ ᠤᠨ ᠲᠦᠯᠦᠪᠦᠷᠢ ᠲᠤᠰᠢᠶᠠᠬᠤ ᠳᠠᠷᠤᠯᠲᠠ ᠶᠢ ᠬᠥᠩᠭᠡᠷᠡᠭᠦᠯᠬᠦ ᠶᠢᠨ ᠲᠥᠯᠥᠭᠡ᠂ ᠲᠦᠯᠦᠪᠦᠷᠢ ᠲᠤᠰᠢᠶᠠᠬᠤ ᠳᠤ ᠦᠨᠡᠬᠡᠷ ᠬᠦᠴᠢᠷᠳᠡᠵᠦ ᠪᠠᠶᠢᠭ᠎ᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠠᠮᠢᠳᠤᠯᠢᠭ ᠢᠶᠠᠷ ᠠᠵᠢᠯ  ᠣᠯᠤᠭᠰᠠᠳ ᠤᠨ  2020 ᠣᠨ   ᠤ ᠲᠦᠯᠦᠪᠦᠷᠢ   ᠪᠠᠨ ᠰᠠᠶᠢᠨ ᠳᠤᠷ᠎ᠠ ᠠᠴᠠ ᠪᠠᠨ ᠲᠦᠷ ᠬᠤᠶᠢᠰᠢᠯᠠᠭᠤᠯᠤᠨ᠂ 2021  ᠣᠨ ᠤ ᠡᠴᠦᠰ ᠠᠴᠠ ᠡᠮᠦᠨ᠎ᠡ ᠨᠥᠬᠦᠵᠦ ᠲᠤᠰᠢᠶᠠᠬᠤ ᠶᠢ ᠵᠥᠪᠰᠢᠶᠡᠷᠡᠵᠦ᠂ ᠲᠦᠯᠦᠪᠦᠷᠢ ᠲᠤᠰᠢᠶᠠᠭᠰᠠᠨ ᠤᠨ ᠵᠢᠯ ᠢ ᠨᠢ ᠨᠡᠶᠢᠯᠡᠭᠦᠯᠦᠨ ᠪᠤᠳᠤᠬᠤ ᠪᠠᠷ ᠪᠤᠢ᠃              ᠠᠮᠢᠳᠤᠯᠢᠭ ᠢᠶᠠᠷ ᠠᠵᠢᠯ ᠣᠯᠤᠭᠰᠠᠳ ᠨᠢ ᠤᠷᠢᠳ ᠢᠶᠠᠷ ︽ᠰᠢᠨᠵᠢᠶᠠᠩ ᠤᠨ ᠤᠶᠤᠨᠲᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠥᠪ︾ ᠤᠨ App  ᠪᠤᠶᠤ  ︽ᠦᠷᠦᠮᠴᠢ  ᠬᠤᠲᠠ ᠶᠢᠨ ᠨᠡᠶᠢᠭᠡᠮ ᠤᠨ ᠳᠠᠭᠠᠳᠬᠠᠯ ᠤᠨ ᠲᠥᠪ︾ ᠤᠨ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠲᠤ ᠭᠠᠷᠴᠤ᠂ ᠥᠪᠡᠷ ᠤᠨ ᠳᠠᠭᠠᠳᠬᠠᠯ ᠳᠤ ᠣᠷᠣᠯᠴᠠᠵᠤ ᠲᠦᠯᠦᠪᠦᠷᠢ ᠲᠤᠰᠢᠶᠠᠭᠰᠠᠨ ᠪᠠᠶᠢᠳᠠᠯ ᠢᠶᠠᠨ ᠬᠡᠷ ᠠᠴᠠ ᠪᠠᠨ ᠭᠠᠷᠬᠤ ᠦᠭᠡᠢ ᠪᠠᠷ ᠪᠠᠶᠢᠴᠠᠭᠠᠨ ᠯᠠᠪᠯᠠᠵᠤ ᠪᠣᠯᠤᠨ᠎ᠠ᠃ ᠬᠡᠷᠪᠡ ᠲᠦᠯᠦᠪᠦᠷᠢ ᠲᠤᠰᠢᠶᠠᠬᠤ ᠪᠠᠨ ᠲᠠᠰᠤᠯᠳᠠᠭᠤᠯᠤᠭᠰᠠᠨ ᠪᠠᠶᠢᠳᠠᠯ ᠣᠷᠣᠰᠢᠵᠤ ᠪᠠᠶᠢᠬᠤ ᠳᠤ ᠬᠦᠷᠪᠡᠯ᠂ ᠳᠠᠷᠦ᠋ᠢᠬᠠᠨ ᠨᠥᠬᠦᠪᠥᠷᠢᠯᠡᠨ ᠲᠤᠰᠢᠶᠠᠵᠤ ᠪᠤᠯᠤᠨ᠎ᠠ᠃ ᠲᠦᠯᠦᠪᠦᠷᠢ ᠲᠤᠰᠢᠶᠠᠬᠤ ᠰᠠᠭᠤᠷᠢ ᠲᠤᠭ᠎ᠠ ᠶᠢ  2021 ᠣᠨ ᠤ ᠬᠤᠪᠢ ᠬᠥᠮᠦᠨ ᠤ ᠲᠦᠯᠦᠪᠦᠷᠢ ᠲᠤᠰᠢᠶᠠᠬᠤ ᠰᠠᠭᠤᠷᠢ ᠲᠤᠭ᠎ᠠ ᠶᠢᠨ ᠳᠡᠭᠡᠳᠦ ᠳᠤᠤᠷᠠᠳᠤ ᠬᠢᠵᠠᠭᠠᠷ ᠤᠨ ᠬᠡᠪᠴᠢᠶᠡᠨ ᠳᠣᠲᠣᠷ᠎ᠠ᠂ ᠲᠤᠬᠠᠶᠢᠯᠠᠪᠠᠯ  3681 ᠲᠥᠭᠦᠷᠢᠭ  /ᠰᠠᠷ᠎ᠠ ᠠᠴᠠ 19593 ᠲᠥᠭᠦᠷᠢᠭ / ᠰᠠᠷ᠎ᠠ ᠶᠢᠨ ᠬᠤᠭᠤᠷᠤᠨᠳᠤᠬᠢ ᠶᠢ ᠰᠣᠩᠭᠤᠨ᠎ᠠ᠃ ᠲᠦᠯᠦᠪᠦᠷᠢ ᠲᠤᠰᠢᠶᠠᠬᠤ ᠲᠤᠭ᠎ᠠ ᠶᠢ ᠳᠠᠭᠠᠳᠬᠠᠯ ᠳᠤ  ᠣᠷᠣᠯᠴᠠᠭᠰᠠᠳ ᠤᠨ  ᠰᠣᠩᠭᠤᠨ ᠲᠣᠭᠲᠠᠭᠠᠭᠰᠠᠨ  ᠲᠦᠯᠦᠪᠦᠷᠢ ᠲᠤᠰᠢᠶᠠᠬᠤ ᠰᠠᠭᠤᠷᠢ ᠲᠤᠭ᠎ᠠ ᠶᠢᠨ ᠪᠠᠷᠢᠮᠵᠢᠶ᠎ᠠ ᠶᠢᠨ 20 % ᠪᠠᠷ ᠪᠤᠳᠤᠪᠡᠯ᠂ ᠵᠣᠭᠤᠰ ᠤᠨ ᠲᠤᠭ᠎ᠠ ᠨᠢ  736.2  ᠲᠥᠭᠦᠷᠢᠭ  /  ᠰᠠᠷ᠎ᠠ ᠠᠴᠠ  3918.6ᠲᠥᠭᠦᠷᠢᠭ / ᠰᠠᠷ᠎ᠠ ᠶᠢᠨ ᠬᠤᠭᠤᠷᠣᠨᠳᠣ ᠪᠣᠯᠤᠨ᠎ᠠ᠃              ᠠᠩᠬᠠᠷᠤᠭᠤᠰᠢᠲᠠᠶ ᠨᠢ᠂ ᠬᠡᠷᠪᠡ ᠳᠠᠭᠠᠳᠬᠠᠯ ᠳᠤ ᠣᠷᠣᠯᠴᠠᠭᠰᠠᠳ 2020 ᠣᠨ ᠤ 10 ᠰᠠᠷ᠎ᠠ ᠠᠴᠠ ᠡᠮᠦᠨ᠎ᠡ ᠲᠦᠯᠦᠪᠦᠷᠢ ᠲᠤᠰᠢᠶᠠᠬᠤ ᠪᠠᠨ ᠲᠠᠰᠤᠯᠳᠠᠭᠤᠯᠤᠬᠰᠠᠨ ᠶᠠᠪᠤᠳᠠᠯ ᠪᠠᠶᠢᠬᠤ ᠳᠤ ᠬᠦᠷᠪᠠᠯ᠂ ᠤᠷᠢᠳ ᠢᠶᠠᠷ ᠡᠯ᠎ᠡ ᠲᠣᠭᠤᠷᠢᠭ ᠰᠢᠶᠠᠨ ᠤ ᠨᠡᠶᠢᠭᠡᠮ ᠤᠨ ᠳᠠᠭᠠᠳᠬᠠᠯ ᠤᠨ ᠬᠤᠪᠢᠶᠠᠷᠢ ᠲᠥᠪ ᠲᠤ ᠬᠦᠷᠴᠦ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠪᠠᠨ ᠳᠠᠬᠢᠨ ᠲᠠᠨᠢᠯᠴᠠᠭᠤᠯᠤᠭᠤᠯᠵᠤ᠂ ᠳᠠᠷᠠᠭ᠎ᠠ ᠨᠢ ︽ᠰᠢᠨᠵᠢᠶᠠᠩ ᠤᠨ ᠭᠠᠶᠢᠯᠢ ᠶᠢᠨ ᠶᠠᠪᠤᠳᠠᠯ ᠤᠨ ᠨᠡᠶᠢᠭᠡᠮ ᠤᠨ ᠳᠠᠭᠠᠳᠬᠠᠯ ᠤᠨ ᠲᠦᠯᠦᠪᠦᠷᠢ ᠲᠤᠰᠢᠶᠠᠬᠤ︾ ᠸᠢᠴᠠᠲ ᠤᠨ ᠵᠢᠵᠢᠭ ᠫᠷᠤᠭ᠍ᠷᠠᠮ ᠳᠤ ᠭᠠᠷᠴᠤ ᠲᠦᠯᠦᠪᠦᠷᠢ ᠪᠠᠨ ᠨᠥᠬᠦᠨ ᠲᠤᠰᠢᠶᠠᠬᠤ ᠬᠡᠷᠡᠭᠲᠡᠶ᠃ 2020 ᠣᠨ ᠤ 10 ᠰᠠᠷ᠎ᠠ ᠠᠴᠠ ᠰᠡᠭᠦᠯᠡᠷ ᠲᠦᠯᠦᠪᠦᠷᠢ ᠲᠤᠰᠢᠶᠠᠬᠤ ᠪᠠᠨ ᠲᠠᠰᠤᠯᠳᠠᠭᠤᠯᠤᠬᠰᠠᠨ ᠶᠠᠪᠤᠳᠠᠯ  ᠪᠠᠶᠢᠬᠤ ᠳᠤ ᠬᠦᠷᠪᠠᠯ᠂ ᠬᠠᠷᠠᠭᠠᠯᠵᠠᠬᠰᠠᠨ ᠲᠦᠯᠦᠪᠦᠷᠢ ᠪᠠᠨ ᠰᠢᠭᠤᠳ ᠨᠥᠬᠦᠨ ᠲᠤᠰᠢᠶᠠᠵᠤ ᠪᠣᠯᠤᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1