ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠨᠢᠭᠡᠳᠦᠭᠡᠷ ᠹᠷᠣᠨᠲ ᠲᠤ ᠡᠷᠡᠯᠬᠡᠭᠯᠡᠨ ᠪᠠᠶᠢᠯᠳᠤᠵᠤ | ᠪᠠᠶᠢᠭ᠎ᠠ ᠡᠮᠴᠢ ᠰᠤᠪᠢᠯᠠᠭᠴᠢᠳ ᠠᠴᠠ ᠥᠷᠭᠡᠨ ᠤᠯᠠᠨ ᠠᠷᠠᠳ ᠲᠦᠮᠡᠨ ᠬᠦᠷᠲᠡᠯ᠎ᠡ ᠴᠥᠮ ᠬᠢᠵᠢᠭ ᠤᠨ ᠪᠠᠶᠢᠳᠠᠯ ᠢ | ᠢᠯᠠᠨ ᠳᠠᠪᠠᠭ᠋ᠤ ᠪᠠᠷ ᠬᠠᠮᠲᠤ ᠶᠢᠨ ᠬᠠᠷᠠᠯᠲᠠ ᠪᠠᠨ ᠪᠣᠯᠭᠠᠵᠤ ᠬᠠᠮᠲᠤ ᠪᠠᠷ ᠴᠢᠷᠮᠠᠶᠢᠵᠦ ᠪᠠᠶᠢᠨ᠎ᠠ᠃ ᠪᠥᠬᠦ ᠰᠢᠶᠠᠨ ᠤ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠳᠡᠮᠵᠢᠬᠦ ᠶᠢᠨ ᠲᠥᠯᠥᠭᠡ᠂ 11 ᠳ᠋ᠤᠭᠡᠷ ᠰᠠᠷ᠎ᠠ ᠶᠢᠨ | 2 ᠤᠨ ᠡᠳᠦᠷ᠂ ᠲᠣᠭᠲᠠᠬᠤ ᠰᠢᠶᠠᠨ ᠤ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠰᠢᠶᠠᠨ ᠤ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠲᠤ 50 ᠲᠦᠮᠡᠨ ᠲᠥᠭᠦᠷᠢᠭ ᠬᠠᠨᠳᠢᠪᠯᠠᠵᠤ᠂ ᠪᠣᠳᠠᠲᠤ ᠠᠵᠢᠯᠯᠠᠭ᠎ᠠ ᠪᠠᠷ ᠢᠶᠠᠨ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤ ᠬᠦᠴᠦᠨ ᠴᠢᠳᠠᠯ ᠢᠶᠠᠨ ᠡᠷᠭᠦᠪᠡ᠃ | | | | | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠭᠤᠤ ᠬᠠᠨ | ᠬᠠᠨᠳᠢᠪᠯᠠᠨ ᠬᠦᠷᠭᠡᠬᠦ ᠠᠵᠢᠯᠯᠠᠭ᠎ᠠ ᠳᠤ ᠣᠷᠣᠯᠴᠠᠪᠠ᠃ | ᠮᠠᠨ ᠤ ᠰᠢᠶᠠᠨ ᠳᠤ ᠣᠯᠠᠨ ᠵᠢᠯ ᠦᠨᠳᠦᠰᠦᠯᠡᠭᠰᠡᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ | ᠪᠣᠯᠤᠭᠰᠠᠨ ᠤ ᠬᠤᠪᠢ ᠳᠤ᠂ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠶᠢ ᠶᠡᠬᠡᠪᠡᠷ ᠳᠡᠮᠵᠢᠬᠦ ᠶᠢᠨ | ᠬᠠᠮᠲᠤ᠂ ᠮᠥᠨ ᠴᠦ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠬᠦ ᠪᠠᠷ ᠴᠢᠷᠮᠠᠶᠢᠭᠰᠠᠭᠠᠷ ᠢᠷᠡᠵᠡᠢ᠂ ᠬᠢᠵᠢᠭ ᠤᠨ | ᠪᠠᠶᠢᠳᠠᠯ ᠡᠭᠦᠰᠦᠭᠰᠡᠨ ᠠᠴᠠ ᠨᠠᠰᠢ᠂ ᠲᠣᠭᠲᠠᠬᠤ ᠬᠥᠳᠡᠭᠡ ᠠᠵᠤ ᠠᠬᠤᠢ ᠬᠤᠳᠠᠯᠳᠤᠭᠠᠨ ᠤ ᠪᠠᠩᠬᠢ ᠶᠢᠨ ᠡᠯ᠎ᠡ | ᠨᠠᠮ ᠤᠨ ᠡᠭᠦᠷ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠳᠠᠬᠢ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠤᠨ ᠨᠠᠮ ᠤᠨ ᠭᠡᠰᠢᠭᠦᠨ ᠤ | ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠬ ᠰᠠᠨᠠᠭ᠎ᠠ ᠪᠣᠯᠤᠨ ᠡᠭᠦᠷᠭᠡ | ᠬᠠᠷᠢᠭᠤᠴᠠᠯᠭ᠎ᠠ ᠪᠠᠷ ᠢᠶᠠᠨ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠶᠢ ᠭᠦᠢᠴᠡᠳ | ᠦᠢᠯᠡᠳᠦᠯᠭᠡᠵᠢᠭᠦᠯᠵᠦ᠂ ᠨᠡᠶᠢᠭᠡᠮ ᠤᠨ ᠲᠣᠭᠲᠠᠭᠤᠨ᠂ ᠬᠥᠮᠦᠰ ᠤᠨ ᠰᠡᠳᠬᠢᠯ ᠢ ᠨᠢᠭᠲᠠᠷᠠᠭᠤᠯᠬᠤ ᠳᠤ ᠪᠠᠶᠢᠪᠠᠰᠤ | ᠵᠣᠬᠢᠬᠤ ᠨᠡᠶᠢᠭᠡᠮ ᠤᠨ ᠦᠯᠢᠭᠡᠷ ᠳᠠᠭᠤᠷᠢᠶᠠᠯ ᠢ ᠦᠵᠡᠭᠦᠯᠦᠭᠰᠡᠨ ᠪᠠᠶᠢᠨ᠎ᠠ᠃ |