ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠠᠷᠠᠳ ᠤᠨ ᠠᠮᠢᠳᠤᠷᠠᠯ ᠤᠨ ᠬᠡᠮᠵᠢᠯᠲᠡ ᠶᠢᠨ ᠣᠨᠣᠪᠴᠢᠲᠠᠶ | ᠪᠥᠭᠡᠳ ᠨᠠᠶᠢᠳᠠᠪᠤᠷᠢᠲᠠᠶ ᠪᠠᠶᠢᠬᠤ ᠶᠢ ᠦᠨᠡᠨ ᠬᠦ ᠪᠠᠲᠤᠯᠠᠵᠤ᠂ ᠠᠷᠠᠯᠵᠢᠶᠠᠨ ᠤ ᠲᠥᠪ ᠭᠤᠤᠯᠴᠢ ᠪᠠᠶᠢᠬᠤ ᠶᠢ | ᠪᠠᠲᠤᠯᠠᠬᠤ ᠶᠢᠨ ᠲᠥᠯᠥᠭᠡ᠂ ᠲᠤᠭᠳᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ︽ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠤᠨ ᠬᠡᠮᠵᠢᠯᠲᠡ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠪᠠ ︽ | ᠵᠢᠵᠢᠭᠯᠡᠨ ᠬᠤᠳᠠᠯᠳᠤᠬᠤ ᠲᠠᠸᠠᠷ ᠤᠨ ᠬᠦᠨᠳᠦ ᠶᠢ ᠬᠡᠮᠵᠢᠬᠦ ᠬᠡᠮᠵᠢᠯᠲᠡ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ | ᠶᠢ ᠦᠨᠳᠦᠰᠦᠯᠡᠨ᠂ ᠣᠶᠢᠷ᠎ᠠ ᠳᠤ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠡᠷᠡᠭᠯᠡᠵᠦ ᠪᠠᠶᠢᠭ᠎ᠠ ᠬᠡᠮᠵᠢᠯᠲᠡ ᠶᠢᠨ ᠪᠠᠭᠠᠵᠢ | ᠬᠡᠷᠡᠭᠰᠡᠯ ᠳᠤ ᠬᠢᠨᠠᠨ ᠪᠠᠶᠢᠴᠠᠭᠠᠯᠲᠠ ᠬᠢᠵᠦ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠴᠤᠭᠯᠠᠭ᠎ᠠ ᠮᠠᠶᠢᠮᠠᠶ ᠶᠢᠨ | ᠵᠠᠬ᠎ᠠ ᠳᠡᠯᠭᠡᠭᠦᠷ ᠤᠨ ᠬᠡᠮᠵᠢᠯᠲᠡ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ | ᠰᠢᠢᠳᠪᠦᠷᠢᠯᠡᠪᠡ᠃ | ᠲᠣᠰ ᠤᠳᠠᠭᠠᠨ ᠤ ᠲᠤᠰᠬᠠᠶ ᠪᠠᠶᠢᠴᠠᠭᠠᠯᠲᠠ ᠳᠤ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 5 ᠬᠥᠮᠦᠨ | ᠤᠳᠠᠭ᠎ᠠ ᠬᠥᠳᠡᠯᠭᠡᠵᠦ᠂ 30 ᠰᠠᠭᠤᠷᠢ ᠵᠢᠩᠯᠡᠭᠦᠷ ᠢ ᠪᠠᠶᠢᠴᠠᠭᠠᠵᠤ᠂ ᠬᠡᠰᠡᠭ ᠬᠤᠳᠠᠯᠳᠤᠭᠠᠴᠢᠨ ᠤ ᠬᠡᠮᠵᠢᠯᠲᠡ ᠶᠢᠨ | ᠪᠠᠭᠠᠵᠢ ᠬᠡᠷᠡᠭᠰᠡᠯ ᠢ ᠰᠢᠯᠭᠠᠨ ᠲᠣᠭᠲᠠᠭᠠᠭᠰᠠᠨ ᠥᠬᠡᠶ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠭᠡᠳ | ᠪᠦᠬᠦᠨ ᠢ ᠴᠡᠭᠴᠡᠯᠡᠨ ᠥᠭᠡᠷᠡᠴᠢᠯᠡᠭᠦᠯᠬᠦ ᠪᠠᠷ ᠵᠠᠷᠯᠢᠭᠳᠠᠵᠠᠶ᠃ ᠲᠤᠬᠠᠶ ᠶᠢᠨ ᠲᠠᠯᠠᠪᠤᠷ ᠤᠨ ᠪᠠᠶᠢᠴᠠᠭᠠᠯᠲᠠ ᠳᠤ 2 | ᠨᠡᠭᠦᠳᠡᠯ ᠳᠡᠯᠭᠡᠭᠦᠷᠴᠢᠨ ᠬᠡᠮ ᠲᠠᠢ ᠡᠯᠧᠺᠲᠷᠣᠨ ᠵᠢᠩᠯᠡᠭᠦᠷ ᠢ ᠬᠡᠷᠡᠭᠯᠡᠨ ᠡᠵᠡᠩᠨᠡᠵᠦ ᠪᠠᠶᠢᠬᠤ ᠶᠢ ᠣᠯᠵᠤ ᠮᠡᠳᠡᠭᠡᠳ | ᠲᠤᠬᠠᠶ ᠶᠢᠨ ᠲᠠᠯᠠᠪᠤᠷ ᠲᠤ 2 ᠬᠡᠮ ᠲᠠᠢ ᠡᠯᠧᠺᠲᠷᠣᠨ ᠵᠢᠩᠯᠡᠭᠦᠷ ᠢ ᠦᠯᠡᠳᠡᠭᠡᠨ ᠠᠪᠴᠠᠶ᠃ ᠡᠭᠦᠨ ᠤ ᠬᠠᠮᠲᠤ | ᠬᠡᠮᠵᠢᠯᠲᠡ ᠶᠢ ᠬᠡᠷᠡᠭᠯᠡᠬᠦ ᠨᠢᠭᠡᠴᠡ ᠳᠤ ᠬᠡᠮᠵᠢᠯᠲᠡ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ | ᠤᠬᠠᠭᠤᠯᠵᠤ᠂ ᠡᠵᠡᠩᠨᠡᠭᠴᠢ ᠶᠢᠨ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠶᠢ ᠰᠡᠷᠡᠮᠵᠢᠯᠡᠭᠦᠯᠵᠦ᠂ ᠤᠯᠠᠨ ᠲᠦᠮᠡᠨ ᠤ | ᠠᠰᠢᠭ ᠲᠤᠰᠠ ᠶᠢ ᠦᠨᠡᠨ ᠬᠦ ᠪᠠᠳᠤᠯᠠᠪᠠ᠃ |