︽ᠲᠣᠭᠲᠠᠬᠤ ᠰᠢᠶᠠᠨ ᠤ ᠠᠵᠤ ᠦᠢᠯᠡᠳᠪᠦᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ︾ ᠶᠢᠨ ᠲᠤᠬᠠᠶ ᠲᠠᠶᠢᠯᠤᠮᠵᠢ
ᠨᠡᠶᠢᠲᠡᠯᠡᠭᠰᠡᠨ ᠴᠠᠭ᠄
2021/11/3
      ᠨᠢᠭᠡ᠂ ᠲᠣᠰ ᠲᠥᠷᠥ ᠶᠢᠨ ᠪᠣᠳᠣᠯᠭ᠎ᠠ ᠳᠤ ᠴᠧᠩᠳᠦ᠋ ᠬᠤᠲᠠ ᠶᠢᠨ ᠦ᠋ ᠾᠧᠦ ᠲᠣᠭᠤᠷᠢᠭ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ᠂ ᠲᠣᠭᠲᠠᠬᠤ ᠰᠢᠶᠠᠨ ᠤ 2018 ᠣᠨ ᠤ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠᠷ ᠯᠠᠪᠯᠠᠯᠲᠠ ᠪᠣᠯᠭᠠᠵᠤ ᠂ ᠣᠨᠴᠠ ᠵᠠᠷᠢᠮ ᠠᠵᠤ ᠠᠬᠤᠶᠢᠯᠠᠯ ᠤᠨ ᠠᠩᠬᠠᠷᠴᠤ ᠪᠠᠶᠢᠭ᠎ᠠ ᠬᠡᠰᠡᠭ ᠰᠠᠨᠠᠯ ᠢ ᠰᠢᠩᠭᠡᠭᠡᠨ ᠠᠪᠤᠪᠠ᠃      ᠬᠤᠶᠠᠷ᠂ ᠪᠥᠬᠦ ᠡᠬᠡ ᠪᠢᠴᠢᠭ ᠳᠤ ᠶᠡᠷᠦᠩᠬᠡᠶ ᠲᠦᠷᠢᠮ᠂ ᠨᠡᠭᠡᠭᠡᠨ ᠡᠷᠭᠢᠯᠡᠵᠦ ᠰᠠᠭᠤᠷᠢᠰᠢᠭᠤᠯᠬᠤ᠂ ᠠᠵᠤ ᠠᠬᠤᠶᠢᠯᠠᠯ ᠢ ᠪᠤᠶᠢᠵᠢᠭᠤᠯᠬᠤ᠂ ᠠᠵᠤ ᠦᠢᠯᠡᠰ ᠢ ᠬᠥᠭᠵᠢᠭᠦᠯᠬᠦ᠂ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ᠂ ᠳᠠᠭᠠᠯᠳᠤᠭᠤᠯᠤᠭᠰᠠᠨ ᠲᠦᠷᠢᠮ ᠵᠡᠷᠭᠡ 6 ᠬᠡᠰᠡᠭ ᠲᠤ ᠨᠡᠶᠢᠲᠡ 28 ᠵᠦᠢᠯ ᠪᠠᠭᠳᠠᠭᠠᠨ᠎ᠠ᠃      ᠭᠤᠷᠪᠠ᠂ ᠨᠢᠭᠡᠳᠦᠭᠡᠷ ᠪᠦᠯᠦᠭ ᠤᠨ ᠶᠡᠷᠦᠩᠬᠡᠶ ᠲᠦᠷᠢᠮ ᠳᠤ ᠨᠡᠶᠢᠳᠡ ᠬᠤᠶᠠᠷ ᠵᠦᠢᠯ ︵ᠨᠢᠭᠡᠳᠦᠭᠡᠷ ᠵᠦᠢᠯ ᠠᠴᠠ ᠬᠤᠶᠠᠳᠤᠭᠠᠷ ᠵᠦᠢᠯ ᠬᠦᠷᠲᠡᠯ᠎ᠡ︶᠂ ᠨᠢᠭᠡᠳᠦᠭᠡᠷ ᠵᠦᠢᠯ ᠨᠢ ᠲᠦᠷᠦ ᠶᠢᠨ ᠪᠤᠳᠤᠯᠭ᠎ᠠ ᠶᠢ ᠨᠡᠶᠢᠲᠡᠯᠡᠨ ᠬᠡᠷᠡᠭᠵᠢᠭᠦᠯᠬᠦ ᠶᠢᠨ ᠵᠣᠷᠢᠯᠭ᠎ᠠ᠂ ᠠᠴᠢ ᠬᠤᠯᠪᠣᠭᠳᠠᠯ ᠪᠣᠯᠤᠨ᠎ᠠ︔ ᠬᠤᠶᠠᠳᠤᠭᠠᠷ ᠵᠦᠢᠯ ᠳᠤ ᠲᠣᠰ ᠲᠥᠷᠥ ᠶᠢᠨ ᠪᠣᠳᠣᠯᠭ᠎ᠠ ᠶᠢᠨ ᠬᠡᠷᠡᠭᠯᠡᠬᠦ ᠬᠡᠪᠴᠢᠶ᠎ᠡ ᠪᠠ ᠨᠥᠬᠦᠴᠡᠯ ᠤᠨ ᠬᠢᠵᠠᠭᠠᠷᠯᠠᠯ ᠢ ᠲᠣᠳᠣᠷᠬᠠᠶᠢᠯᠠᠪᠠ᠄      1᠂ ᠡᠷᠬᠡᠪᠰᠢ ᠮᠠᠨ ᠤ ᠰᠢᠶᠠᠨ ᠤ ᠬᠡᠪᠴᠢᠶᠡᠨ ᠳᠠᠬᠢ      2᠂ ᠲᠤᠰᠠᠭᠠᠷ ᠲᠣᠭᠠᠴᠠᠭ᠎ᠠ ᠬᠢᠬᠦ      3᠂  ᠤᠯᠤᠰ ᠤᠨ ᠬᠠᠤᠯᠢ ᠴᠠᠭᠠᠵᠠ ᠲᠥᠷᠥ ᠶᠢᠨ ᠪᠣᠳᠣᠯᠭ᠎ᠠ ᠳᠤ ᠨᠡᠶᠢᠴᠡᠭᠰᠡᠨ᠂ ︽ᠬᠤᠶᠠᠷ ᠥᠨᠳᠥᠷ︾ ᠲᠥᠷᠥᠯ ᠵᠦᠢᠯ ᠡᠳ᠋ᠯᠡᠵᠦ ᠪᠣᠯᠬᠤ ᠥᠬᠡᠶ      4᠂ ᠲᠣᠰ ᠲᠥᠷᠥ ᠶᠢᠨ ᠪᠣᠳᠣᠯᠭ᠎ᠠ ᠬᠦᠴᠦᠨ ᠲᠠᠢ ᠪᠣᠯᠤᠭᠰᠠᠨ ᠤ ᠳᠠᠷᠠᠭᠠᠬᠢ ᠰᠢᠨ᠎ᠡ ᠲᠥᠷᠥᠯ ᠵᠦᠢᠯ᠂ ᠬᠦᠴᠦᠨ ᠲᠠᠢ ᠪᠣᠯᠬᠤ ᠠᠴᠠ ᠡᠮᠦᠨᠡᠬᠢ ᠨᠢᠭᠡᠨᠲᠡ ᠪᠠᠶᠢᠭᠤᠯᠤᠭᠰᠠᠨ ᠲᠥᠷᠥᠯ ᠵᠦᠢᠯ ᠡᠳ᠋ᠯᠡᠵᠦ ᠪᠣᠯᠬᠤ ᠥᠬᠡᠶ      5᠂ ᠡᠷᠬᠡᠪᠰᠢ ᠠᠵᠤ ᠦᠢᠯᠡᠳᠪᠦᠷᠢ ᠶᠢᠨ ᠠᠵᠤ ᠠᠬᠤᠶᠢᠯᠠᠯ ᠪᠠᠶᠢᠬᠤ ᠬᠡᠷᠡᠭᠲᠡᠶ᠂ ᠲᠠᠷᠢᠶᠠᠯᠠᠩ᠂ ᠰᠣᠶᠣᠯ ᠵᠢᠭᠤᠯᠴᠢᠯᠠᠯ᠂ ᠪᠠᠷᠠᠭᠠᠨ ᠤ ᠭᠦᠢᠯᠭᠡᠭᠡ᠂ ᠮᠥᠩᠭᠦᠨ ᠭᠦᠢᠯᠭᠡᠭᠡ ᠵᠡᠷᠭᠡ ᠪᠤᠰᠤᠳ ᠠᠵᠤ ᠠᠬᠤᠶᠢᠯᠠᠯ ᠳᠤ ᠬᠤᠯᠪᠣᠭᠳᠠᠬᠤ ᠥᠬᠡᠶ      ᠲᠦᠷᠪᠡ᠂ ᠬᠤᠶᠠᠳᠤᠭᠠᠷ ᠪᠦᠯᠦᠭ ᠲᠤ ᠨᠡᠭᠡᠭᠡᠨ ᠡᠷᠭᠢᠯᠡᠵᠦ ᠰᠠᠭᠤᠷᠢᠰᠢᠭᠤᠯᠬᠤ ᠳᠤ ᠨᠡᠶᠢᠳᠡ 8 ᠵᠦᠢᠯ ︵ᠭᠤᠷᠪᠠᠳᠤᠭᠠᠷ ᠵᠦᠢᠯ ᠠᠴᠠ ᠠᠷᠪᠠᠳᠤᠭᠠᠷ ᠵᠦᠢᠯ ᠬᠦᠷᠲᠡᠯ᠎ᠡ︶᠂ ᠰᠢᠨ᠎ᠡ ᠪᠠᠷ ᠡᠷᠬᠢᠯᠡᠭᠰᠡᠨ ᠠᠵᠤ ᠠᠬᠤᠶᠢᠯᠠᠯ ᠢ ᠱᠠᠩᠨᠠᠨ ᠬᠥᠬᠢᠭᠦᠯᠬᠦ ᠪᠠᠷ ᠵᠢᠭᠰᠠᠭᠠᠪᠠ᠂ ᠡᠭᠦᠨ ᠳᠤ ᠪᠣᠳᠠᠲᠤ ᠬᠦᠴᠦᠨ ᠢᠶᠠᠷ ᠨᠡᠯᠢᠶᠡᠳ ᠴᠢᠩᠭ᠎ᠠ ᠠᠵᠤ ᠠᠬᠤᠶᠢᠯᠠᠯ᠂ ᠨᠡᠷᠡᠳᠤ ᠶᠡᠭᠡ ᠳᠡᠭᠡᠳᠦ ᠰᠤᠷᠭᠠᠭᠤᠯᠢ ᠶᠢᠨ ᠬᠠᠷᠢᠶ᠎ᠠ ᠠᠵᠤ ᠠᠬᠤᠶᠢᠯᠠᠯ᠂ ᠰᠢᠨ᠎ᠡ ᠪᠠᠷ ᠬᠥᠭᠵᠢᠭᠰᠡᠨ ᠠᠵᠤ ᠦᠢᠯᠡᠰ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ᠂ ᠳᠡᠰ ᠳᠡᠪᠰᠢᠭᠰᠡᠨ ᠠᠵᠤ ᠠᠬᠤᠶᠢᠯᠠᠯ᠂ ᠤᠷᠠᠯᠠᠯ ᠤᠨ ᠡᠨᠧᠷᠭᠢ ᠶᠢᠨ ᠬᠤᠷᠣᠭᠳᠠᠭᠤᠯᠤᠯ ᠤᠨ ᠲᠡᠷᠢᠭᠦᠨ ᠤ ᠠᠵᠤ ᠠᠬᠤᠶᠢᠯᠠᠯ ᠢ ᠪᠠᠭᠲᠠᠭᠠᠬᠤ ᠶᠢᠨ ᠬᠠᠮᠲᠤ ︽ᠲᠤᠯᠤᠭ᠎ᠠ ᠶᠢ ᠨᠡᠪᠲᠡᠷᠡᠭᠦᠯᠵᠦ ᠨᠢᠭᠡ ᠶᠢ ᠲᠡᠭᠰᠢᠯᠡᠬᠦ︾ ᠰᠠᠭᠤᠷᠢ ᠲᠥᠬᠦᠭᠡᠷᠦᠮᠵᠢ ᠶᠢᠨ ᠪᠠᠲᠤᠯᠠᠭ᠎ᠠ ᠶᠢ ᠬᠠᠩᠭᠠᠨ᠎ᠠ᠃      ᠲᠠᠪᠤ᠂ ᠭᠤᠷᠪᠠᠳᠤᠭᠠᠷ ᠪᠦᠯᠦᠭ ᠠᠵᠤ ᠠᠬᠤᠶᠢᠯᠠᠯ ᠢ ᠪᠤᠶᠢᠵᠢᠭᠤᠯᠬᠤ ᠳᠤ ᠨᠡᠶᠢᠳᠠ 4 ᠵᠦᠢᠯ ︵ᠠᠷᠪᠠᠨ ᠨᠢᠭᠡᠳᠦᠭᠡᠷ ᠵᠦᠢᠯ ᠠᠴᠠ ᠠᠷᠪᠠᠨ ᠳᠥᠷᠪᠡᠳᠦᠭᠡᠷ ᠵᠦᠢᠯ ᠬᠦᠷᠲᠡᠯ᠎ᠡ︶᠂ ᠲᠤᠰ ᠪᠦᠯᠦᠭ ᠪᠣᠯ ᠠᠵᠤ ᠠᠬᠤᠶᠢᠯᠠᠯ ᠤᠨ ᠡᠬᠢᠯᠡᠯᠲᠡ ᠶᠢᠨ ᠱᠠᠲᠤᠨ ᠤ ᠬᠥᠭᠵᠢᠯᠲᠡ ᠶᠢ ᠲᠡᠳᠬᠦᠨ ᠲᠡᠮᠵᠢᠵᠦ᠂ ᠠᠵᠤ ᠠᠬᠤᠶᠢᠯᠠᠯ ᠪᠠ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠴᠢᠳᠠᠪᠤᠷᠢᠲᠠᠨ ᠢ ᠠᠵᠤ ᠠᠬᠤᠶ ᠶᠢᠨ ᠪᠣᠳᠠᠲᠠᠶ ᠬᠤᠪᠢ ᠨᠡᠮᠡᠷᠢ ᠪᠠᠷ ᠨᠢ ᠵᠣᠬᠢᠰᠲᠠᠶ ᠬᠠᠷᠢᠴᠠᠯ ᠲᠣᠭᠲᠠᠭᠠᠵᠤ ᠱᠠᠩᠨᠠᠨ ᠬᠥᠬᠢᠭᠦᠯᠦᠨ᠎ᠡ᠃      ᠵᠢᠷᠭᠤᠭ᠎ᠠ᠂ ᠳᠥᠷᠪᠡᠳᠦᠭᠡᠷ ᠪᠦᠯᠦᠭ ᠠᠵᠤ ᠦᠢᠯᠡᠰ ᠤᠨ ᠬᠥᠭᠵᠢᠯᠲᠡ ᠳᠤ ᠨᠡᠶᠢᠲᠡ 4 ᠵᠦᠢᠯ ︵ᠠᠷᠪᠠᠨ ᠲᠠᠪᠤᠳᠤᠭᠠᠷ ᠵᠦᠢᠯ ᠠᠴᠠ ᠠᠷᠪᠠᠨ ᠨᠠᠢᠮᠠᠳᠤᠭᠠᠷ ᠵᠦᠢᠯ ᠬᠦᠷᠲᠡᠯ᠎ᠡ︶ ᠪᠠᠶᠢᠵᠤ᠂ ᠠᠵᠤ ᠠᠬᠤᠶᠢᠯᠠᠯ ᠤᠨ ᠦᠷᠭᠦᠯᠵᠢᠯᠡᠨ ᠬᠥᠭᠵᠢᠨ ᠪᠤᠵᠠᠭᠠᠶᠢᠷᠠᠬᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ᠂ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ᠂ ᠪᠣᠳᠠᠲᠠᠶ ᠠᠵᠤ ᠠᠬᠤᠶ ᠶᠢᠨ ᠬᠤᠪᠢ ᠨᠡᠮᠡᠷᠢ ᠶᠢ ᠦᠨᠳᠦᠰᠦᠯᠡᠨ ᠲᠣᠬᠢᠷᠠᠮᠵᠢᠲᠠᠶ ᠬᠠᠷᠢᠴᠠᠯ ᠢ ᠲᠣᠭᠲᠠᠭᠠᠵᠤ ᠱᠠᠩᠨᠠᠨ ᠬᠥᠬᠢᠭᠦᠯᠬᠦ ᠶᠢᠨ ᠬᠠᠮᠲᠤ ᠲᠣᠰ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠥᠷᠳᠡᠬᠦ ᠨᠢ ᠳᠡᠭᠡᠳᠦ ᠱᠠᠲᠤᠨ ᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠥᠷᠳᠡᠬᠦ ᠶᠢ ᠨᠥᠯᠥᠭᠡᠯᠡᠬᠦ ᠥᠬᠡᠶ ᠭᠡᠵᠦ ᠲᠣᠳᠣᠷᠬᠠᠶ ᠲᠣᠭᠲᠠᠭᠠᠪᠠ᠃      ᠳᠣᠯᠤᠭ᠎ᠠ᠂ ᠲᠠᠪᠤᠳᠤᠭᠠᠷ ᠪᠦᠯᠦᠭ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ᠨᠢ ᠨᠡᠶᠢᠲᠡ 5 ᠵᠦᠢᠯ ︵ᠠᠷᠪᠠ ᠶᠢᠰᠦᠳᠦᠭᠡᠷ ᠵᠦᠢᠯ ᠠᠴᠠ ᠬᠤᠷᠢᠨ ᠭᠤᠷᠪᠠᠳᠤᠭᠠᠷ ᠵᠦᠢᠯ ᠬᠦᠷᠲᠡᠯ᠎ᠡ︶ ᠪᠠᠶᠢᠵᠤ᠂ ᠠᠵᠤ ᠠᠬᠤᠶᠢᠯᠠᠯ ᠤᠨ ᠬᠥᠮᠦᠰ ᠤᠨ ᠡᠷᠦᠬᠡ ᠠᠮᠠ ᠣᠷᠣᠬᠤ᠂ ᠦᠷ᠎ᠡ ᠬᠡᠤᠬᠡᠳ ᠤᠨ ᠰᠤᠷᠭᠠᠭᠤᠯᠢ ᠳᠤ ᠣᠷᠣᠬᠤ᠂ ᠦᠢᠯᠡᠳᠪᠦᠷᠢᠯᠡᠯ ᠤᠨ ᠬᠦᠴᠦᠨ ᠵᠦᠢᠯ᠂ ᠠᠵᠢᠯ ᠤᠨ ᠦᠷ᠎ᠡ ᠪᠦᠲᠦᠮᠵᠢ ᠶᠢ ᠪᠠᠲᠤᠯᠠᠵᠤ᠂ ᠠᠵᠤ ᠠᠬᠤᠶᠢᠯᠠᠯ ᠤᠨ ᠬᠤᠶᠢᠰᠢᠳᠠ ᠶᠢᠨ ᠵᠣᠪᠠᠨᠢᠯ ᠢ ᠰᠢᠢᠳᠪᠦᠷᠢᠯᠡᠨ᠂ ᠪᠠᠯᠠ ᠣᠷᠣᠭᠤᠯᠤᠯᠲᠠ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠬᠠᠮᠲᠤ ᠠᠵᠤ ᠠᠬᠤᠶᠢᠯᠠᠯ ᠤᠨ ᠲᠣᠰ ᠭᠠᠵᠠᠷ ᠤᠨ ᠬᠥᠮᠦᠰ ᠢ ᠡᠯᠰᠡᠨ ᠠᠪᠴᠤ ᠠᠵᠢᠯ ᠣᠯᠭᠤᠭᠰᠠᠨ ᠢ ᠬᠥᠬᠢᠭᠦᠯᠦᠨ ᠱᠠᠩᠨᠠᠨ᠎ᠠ᠃      ᠨᠠᠢᠮᠠ᠂ ᠵᠢᠷᠭᠤᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ ᠳᠤ ᠨᠡᠶᠢᠳᠡ 5 ᠵᠦᠢᠯ ︵ᠬᠤᠷᠢᠨ ᠳᠥᠷᠪᠡᠳᠦᠭᠡᠷ ᠵᠦᠢᠯ ᠠᠴᠠ ᠬᠤᠷᠢᠨ ᠨᠠᠢᠮᠠᠳᠤᠭᠠᠷ ᠵᠦᠢᠯ ᠬᠦᠷᠲᠡᠯ᠎ᠡ︶᠂ ᠲᠤᠰ ᠲᠦᠷᠦ ᠶᠢᠨ ᠪᠤᠳᠤᠯᠭ᠎ᠠ ᠶᠢᠨ ᠵᠠᠷᠢᠮ ᠨᠠᠷᠢᠨ ᠵᠦᠢᠯᠡᠰ ᠲᠤ ᠲᠣᠳᠣᠷᠬᠠᠶᠢᠯᠠᠯᠲᠠ ᠬᠢᠵᠦ᠂ ᠪᠢᠴᠢᠭ ᠮᠠᠲ᠋ᠧᠷᠢᠶᠠᠯ ᠢ ᠬᠡᠷᠡᠭᠵᠢᠭᠦᠯᠬᠦ ᠬᠤᠭᠤᠴᠠᠭ᠎ᠠ ᠪᠠ ᠪᠢᠴᠢᠭ ᠮᠠᠲ᠋ᠧᠷᠢᠶᠠᠯ ᠢ ᠲᠠᠶᠢᠯᠪᠤᠷᠢᠯᠠᠬᠤ ᠪᠡᠶᠡᠴᠢ ᠴᠣᠭᠴᠠ ᠶᠢ ᠲᠣᠳᠣᠷᠬᠠᠶᠢᠯᠠᠪᠠ᠃
 
ᠢᠷᠡᠯᠲᠡ᠄ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1