ᠲᠣᠭᠲᠠᠬᠤ ᠰᠢᠶᠠᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠢᠴᠢ ᠪᠠᠯᠠ ᠣᠷᠣᠭᠤᠯᠤᠯᠲᠠ ᠶᠢᠨ ᠱᠠᠩᠨᠠᠯ ᠤᠨ ᠠᠷᠭ᠎ᠠ ︵ᠲᠤᠷᠰᠢᠨ ᠬᠡᠷᠡᠭᠵᠢᠭᠦᠯᠬᠦ︶ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/11/3
      ᠢᠷᠡᠯᠳᠡ᠄ ᠲᠣᠭᠲᠠᠬᠤ ᠰᠢᠶᠠᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ      ᠲᠠᠶᠢᠯᠤᠮᠵᠢ ᠬᠢᠭᠰᠡᠨ ᠨᠢᠭᠡᠴᠡ᠄ ᠲᠣᠭᠲᠠᠬᠤ ᠰᠢᠶᠠᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠤᠳᠤᠷᠢᠳᠬᠤ ᠳᠤᠭᠤᠶᠢᠯᠠᠩ      ᠨᠡᠶᠢᠲᠡᠯᠡᠭᠰᠡᠨ ᠡᠳᠦᠷ ᠬᠤᠭᠤᠴᠠᠭ᠎ᠠ᠄ 2021 ᠣᠨ ᠤ 11 ᠳ᠋ᠤᠭᠡᠷ ᠰᠠᠷ᠎ᠠ ᠶᠢᠨ 1 ᠤ ᠡᠳᠦᠷ      ᠲᠠᠶᠢᠯᠪᠤᠷᠢᠯᠠᠬᠤ ᠠᠷᠭ᠎ᠠ ᠬᠡᠯᠪᠡᠷᠢ᠄ ᠦᠰᠦᠭ ᠪᠢᠴᠢᠭ ᠤᠨ ᠬᠡᠯᠪᠡᠷᠢ      ᠨᠡᠷ᠎ᠡ᠄ ᠲᠣᠭᠲᠠᠬᠤ ᠰᠢᠶᠠᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠢᠴᠢ ᠪᠠᠯᠠ ᠣᠷᠣᠭᠤᠯᠤᠯᠲᠠ ᠶᠢᠨ ᠱᠠᠩᠨᠠᠯ ᠤᠨ ᠠᠷᠭ᠎ᠠ ︵ᠲᠤᠷᠰᠢᠨ ᠬᠡᠷᠡᠭᠵᠢᠭᠦᠯᠬᠦ︶ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ      ᠲᠠᠶᠢᠯᠤᠮᠵᠢ ᠬᠢᠬᠦ ᠲᠥᠷᠥᠯ ᠬᠡᠯᠪᠡᠷᠢ᠄ ᠰᠠᠯᠠᠭ᠎ᠠ ᠮᠥᠴᠢᠷ ᠤᠨ ᠲᠠᠶᠢᠯᠤᠮᠵᠢ      ᠨᠢᠭᠡ᠂ ᠨᠡᠶᠢᠲᠡᠯᠡᠭᠰᠡᠨ ᠠᠬᠤᠶ ᠪᠠᠶᠢᠳᠠᠯ ᠵᠢᠴᠢ ᠵᠣᠷᠢᠯᠭ᠎ᠠ      2021 ᠣᠨ ᠤ 9 ᠳ᠋ᠤᠭᠡᠷ ᠰᠠᠷ᠎ᠠ ᠳᠤ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ︽ᠲᠣᠭᠲᠠᠬᠤ ᠰᠢᠶᠠᠨ ᠤ ᠪᠥᠬᠦ ᠬᠥᠮᠦᠰ ᠢ ᠳᠠᠶᠢᠴᠢᠯᠠᠨ ᠭᠦᠶᠦᠬᠦ ᠮᠠᠶ᠋ᠢᠭ ᠤᠨ ᠬᠤᠳᠠᠯᠳᠤᠭᠠᠴᠢᠨ ᠤᠷᠢᠬᠤ ᠠᠵᠢᠯ ᠤᠨ ᠲᠥᠰᠦᠯ︾ ︵ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶ ᠢ ᠰᠤᠳᠤᠯᠤᠨ ᠲᠣᠭᠲᠠᠭᠠᠵᠤ᠂ ᠡᠭᠦᠨ ᠳᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠢᠴᠢ ᠪᠠᠯᠠ ᠣᠷᠣᠭᠤᠯᠤᠯᠲᠠ ᠶᠢᠨ ᠱᠠᠩᠨᠠᠯ ᠤᠨ ᠠᠷᠭ᠎ᠠ ᠶᠢ ᠰᠤᠳᠤᠯᠤᠨ ᠲᠣᠭᠲᠠᠭᠠᠵᠤ᠂ ᠣᠷᠣᠭᠤᠯᠤᠨ ᠠᠪᠴᠢᠷᠠᠬᠤ ᠲᠦᠷᠦᠯ ᠵᠦᠢᠯ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠠᠵᠤ ᠠᠬᠤᠶᠢᠯᠠᠯ᠂ ᠨᠢᠭᠡᠴᠡ ᠪᠠ ᠪᠠᠶᠢᠭᠠᠯᠢ ᠬᠥᠮᠦᠨ ︵ᠤᠯᠤᠰ ᠤᠨ ᠪᠤᠰᠤ ᠠᠯᠪᠠᠨ ᠲᠤᠰᠢᠶᠠᠯᠲᠠᠨ ᠵᠢᠴᠢ ᠲᠡᠭᠦᠨ ᠤ ᠣᠶᠢᠷ᠎ᠠ ᠲᠥᠷᠥᠯ ᠰᠠᠳᠤᠨ︶ ᠢ ᠱᠠᠩᠨᠠᠨ ᠬᠦᠬᠢᠭᠦᠯᠦᠨ᠎ᠡ ᠭᠡᠵᠦ ᠲᠣᠳᠣᠷᠬᠠᠶ ᠱᠠᠭᠠᠷᠳᠠᠭᠰᠠᠨ ᠪᠠᠶᠢᠨ᠎ᠠ      ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠭᠤᠷ ᠠᠮᠢᠰᠬᠤᠯ ᠢ ᠪᠤᠶ ᠪᠣᠯᠭᠠᠬᠤ ᠶᠢᠨ ᠲᠥᠯᠥᠭᠡ᠂ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠳᠤ ᠢᠳᠡᠪᠬᠢᠲᠡᠶ ᠣᠷᠣᠯᠴᠠᠬᠤ ᠶᠢ ᠭᠦᠢᠴᠡᠳ ᠳᠠᠶᠢᠴᠢᠯᠠᠵᠤ᠂ ᠰᠢᠶᠠᠨ ᠤ ᠳᠣᠲᠣᠨ᠎ᠠ ᠭᠠᠳᠠᠨᠠᠬᠢ ᠠᠵᠤ ᠠᠬᠤᠶᠢᠯᠠᠯ ᠤᠨ ᠮᠠᠨ ᠤ ᠰᠢᠶᠠᠨ ᠳᠤ ᠪᠠᠯᠠ ᠣᠷᠣᠭᠤᠯᠤᠨ ᠦᠢᠯᠡᠰ ᠬᠥᠭᠵᠢᠭᠦᠯᠬᠦ ᠶᠢ ᠲᠡᠳᠡᠨ ᠠᠪᠴᠢᠷᠠᠵᠤ᠂ ᠣᠲᠣ ᠶᠢᠨ ᠪᠠᠶᠢᠭ᠎ᠠ ᠠᠵᠤ ᠠᠬᠤᠶᠢᠯᠠᠯ ᠤᠨ ᠮᠠᠨ ᠤ ᠰᠢᠶᠠᠨ ᠳᠤ ᠪᠠᠯᠠ ᠣᠷᠣᠭᠤᠯᠤᠯᠲᠠ ᠪᠠᠨ ᠦᠷᠭᠦᠯᠵᠢᠯᠡᠨ ᠥᠷᠭᠡᠳᠬᠡᠬᠦ ᠶᠢ ᠵᠣᠷᠢᠭᠵᠢᠭᠤᠯᠤᠨ᠂ ᠮᠠᠨ ᠤ ᠰᠢᠶᠠᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠵᠤ᠂ ︽ᠲᠣᠭᠲᠠᠬᠤ ᠰᠢᠶᠠᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠢᠴᠢ ᠪᠠᠯᠠ ᠣᠷᠣᠭᠤᠯᠤᠯᠲᠠ ᠶᠢ ᠱᠠᠩᠨᠠᠨ ᠬᠥᠬᠢᠭᠦᠯᠬᠦ ᠠᠷᠭ᠎ᠠ︾ ︵ᠲᠤᠷᠰᠢᠨ ᠬᠡᠷᠡᠭᠵᠢᠭᠦᠯᠬᠦ︶ ᠶᠢ ᠵᠢᠩᠬᠢᠨᠢ ᠪᠠᠷ ᠨᠡᠶᠢᠲᠡᠯᠡᠪᠡ᠂ ᠲᠣᠰ ᠠᠷᠭ᠎ᠠ ᠪᠣᠯ ︽ᠲᠥᠰᠦᠯ︾ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠨᠠᠷᠢᠯᠢᠬᠵᠢᠭᠤᠯᠤᠭᠰᠠᠨ ᠪᠠ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠭᠰᠡᠨ ᠶᠠᠪᠤᠳᠠᠯ ᠪᠣᠯᠤᠨ᠎ᠠ᠃      ᠬᠤᠶᠠᠷ᠂ ᠭᠤᠣᠯ ᠠᠭᠤᠯᠭ᠎ᠠ      ︵ᠨᠢᠭᠡ︶ ᠱᠠᠩᠨᠠᠬᠤ ᠬᠡᠪᠴᠢᠶ᠎ᠡ ᠶᠢ ᠲᠣᠳᠣᠷᠬᠠᠶᠢᠯᠠᠪᠠ      ᠱᠠᠩᠨᠠᠨ ᠬᠥᠬᠢᠭᠦᠯᠬᠦ ᠬᠡᠪᠴᠢᠶ᠎ᠡ ᠳᠤ ᠱᠠᠩᠨᠠᠨ ᠬᠥᠬᠢᠭᠦᠯᠬᠦ ᠡᠲᠡᠭᠡᠳ ᠤᠨ ᠬᠦᠷᠢᠶ᠎ᠡ ᠬᠡᠪᠴᠢᠶ᠎ᠡ ᠪᠠ ᠲᠦᠷᠦᠯ ᠵᠦᠢᠯ ᠤᠨ ᠬᠦᠷᠢᠶ᠎ᠡ ᠬᠡᠪᠴᠢᠶ᠎ᠡ ᠪᠠᠭᠲᠠᠨ᠎ᠠ᠃      ᠱᠠᠩᠨᠠᠬᠤ ᠡᠲᠡᠭᠡᠳ᠄ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠣᠯ ᠳᠠᠷᠤᠶ ᠲᠣᠭᠲᠠᠬᠤ ᠰᠢᠶᠠᠨ ᠳᠤ ᠲᠥᠷᠥᠯ ᠵᠦᠢᠯ ᠣᠷᠣᠭᠤᠯᠤᠨ ᠠᠪᠴᠢᠷᠠᠵᠦ᠂ ᠠᠵᠤ ᠠᠬᠤᠶᠢᠯᠠᠯ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠣᠲᠣ ᠶᠢᠨ ᠪᠠᠶᠢᠭ᠎ᠠ ᠠᠵᠤ ᠠᠬᠤᠶᠢᠯᠠᠯ᠂ ᠨᠢᠭᠡᠴᠡ ᠪᠠ ᠪᠠᠶᠢᠭᠠᠯᠢ ᠬᠥᠮᠦᠨ ︵ᠵᠠᠰᠠᠭ ᠵᠠᠬᠢᠷᠭᠠᠨ ᠤ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ᠂ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠬᠠᠷᠢᠶ᠎ᠠ ᠺᠠᠳ᠋ᠷ ᠠᠵᠢᠯᠲᠠᠨ ᠠᠵᠢᠯᠴᠢᠨ ᠵᠢᠴᠢ ᠳᠡᠭᠡᠷ᠎ᠡ ᠳᠤᠷᠠᠳᠤᠭᠰᠠᠨ ᠬᠥᠮᠦᠰ ᠤᠨ ᠣᠶᠢᠷ᠎ᠠ ᠲᠥᠷᠥᠯ ᠰᠠᠳᠤᠨ ᠪᠠᠭᠲᠠᠬᠤ ᠥᠬᠡᠶ︶ ᠢ ᠱᠠᠩᠨᠠᠨ ᠬᠥᠬᠢᠭᠦᠯᠦᠨ᠎ᠡ᠃      ᠱᠠᠩᠨᠠᠬᠤ ᠲᠥᠷᠥᠯ ᠵᠦᠢᠯ᠄ ᠰᠢᠶᠠᠨ ᠤ ᠳᠣᠲᠣᠷ᠎ᠠ ᠭᠠᠳᠠᠨᠠᠬᠢ ᠠᠵᠤ ᠠᠬᠤᠶᠢᠯᠠᠯ ᠤᠨ ᠮᠠᠨ ᠤ ᠰᠢᠶᠠᠨ ᠳᠤ ᠰᠢᠨ᠎ᠡ ᠪᠠᠷ ᠪᠠᠯᠠ ᠣᠷᠣᠭᠤᠯᠤᠭᠰᠠᠨ ᠪᠤᠶᠤ ᠣᠲᠣ ᠶᠢᠨ ᠪᠠᠶᠢᠭ᠎ᠠ ᠠᠵᠤ ᠠᠬᠤᠶᠢᠯᠠᠯ ᠤᠨ ᠰᠢᠨ᠎ᠡ ᠪᠠᠷ ᠪᠠᠯᠠ ᠣᠷᠣᠭᠤᠯᠤᠭᠰᠠᠨ᠂ ᠲᠣᠭᠲᠠᠬᠤ ᠰᠢᠶᠠᠨ ᠤ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠠ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠱᠠᠭᠠᠷᠳᠠᠯᠭ᠎ᠠ ᠳᠤ ᠨᠡᠶᠢᠴᠡᠭᠰᠡᠨ᠂ ᠶᠡᠷᠦᠩᠬᠡᠢ ᠪᠡᠯᠡ ᠤᠷᠤᠭᠤᠯᠤᠯᠳᠠ ᠨᠢ 3000 ᠲᠦᠮᠡᠨ ᠲᠦᠭᠦᠷᠢᠭ ᠵᠢᠴᠢ ᠲᠡᠭᠦᠨ ᠠᠴᠠ ᠳᠡᠭᠡᠭᠰᠢᠬᠢ ᠠᠵᠤ ᠦᠢᠯᠡᠰ ᠤᠨ ᠲᠥᠷᠥᠯ ᠵᠦᠢᠯ᠃ ᠳᠣᠤᠷᠠᠬᠢ ᠲᠥᠷᠥᠯ ᠵᠦᠢᠯ ᠢ ᠲᠣᠰ ᠠᠷᠭ᠎ᠠ ᠶᠢᠨ ᠱᠠᠩᠨᠠᠬᠤ ᠬᠡᠪᠴᠢᠶᠡᠨ ᠳᠤ ᠣᠷᠣᠭᠤᠯᠬᠤ ᠥᠬᠡᠶ᠄ ᠴᠤᠯ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠥᠷᠥᠯ ᠵᠦᠢᠯ᠂ ᠰᠠᠭᠤᠷᠢ ᠲᠦᠭᠦᠭᠡᠷᠦᠮᠵᠢ ᠶᠢᠨ ᠲᠥᠷᠥᠯ  ᠵᠦᠢᠯ ︵ᠨᠡᠶᠢᠭᠡᠮ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠠᠴᠠ ᠭᠠᠳᠠᠨ᠎ᠠ︶᠂ ᠪᠠᠯᠠ ᠣᠷᠣᠭᠤᠯᠤᠯᠲᠠ ᠪᠠᠨ ᠨᠡᠮᠡᠭᠳᠡᠭᠦᠯᠦᠭᠰᠡᠨ ᠥᠬᠡᠶ ᠨᠡᠶᠢᠯᠡᠭᠦᠯᠦᠨ ᠬᠤᠳᠠᠯᠳᠤᠨ ᠠᠪᠬᠤ ᠲᠥᠷᠥᠯ ᠵᠦᠢᠯ᠂ PPP ᠲᠥᠷᠥᠯ ᠵᠦᠢᠯ ᠪᠠ ᠥᠷᠢᠰᠥᠯᠳᠦᠭᠡᠨ ᠤ ᠪᠤᠰᠤ ᠬᠦᠷᠢᠶᠡᠨ ᠳᠠᠬᠢ ᠪᠠᠯᠠ ᠣᠷᠣᠭᠤᠯᠤᠯᠲᠠ ᠶᠢᠨ ᠲᠥᠷᠥᠯ ᠵᠦᠢᠯ᠃      ︵ᠬᠤᠶᠠᠷ︶ ᠱᠠᠩᠨᠠᠬᠤ ᠪᠠᠷᠢᠮᠵᠢᠶ᠎ᠠ ᠶᠢ ᠲᠣᠳᠣᠷᠬᠠᠶᠢᠯᠠᠪᠠ      ᠭᠠᠳᠠᠭᠠᠳᠤ ᠠᠴᠠ ᠣᠷᠣᠭᠤᠯᠤᠭᠰᠠᠨ ᠲᠥᠷᠥᠯ ᠵᠦᠢᠯ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠪᠡᠶᠡᠯᠡᠭᠦᠯᠦᠭᠰᠡᠨ ᠪᠣᠳᠠᠲᠠᠶ ᠪᠠᠯᠠ ᠣᠷᠣᠭᠤᠯᠤᠯᠲᠠ ᠶᠢᠨ ᠲᠤᠭ᠎ᠠ ᠶᠢ ᠦᠨᠳᠦᠰᠦᠯᠡᠨ 1.5‰—3‰ ᠱᠠᠩᠨᠠᠨ ᠬᠥᠬᠢᠭᠦᠯᠦᠨ᠎ᠡ᠃ ᠱᠠᠩᠨᠠᠯ ᠤᠨ ᠵᠣᠭᠤᠰ ᠤᠨ ᠲᠤᠭ᠎ᠠ ᠶᠢ ᠲᠥᠷᠥᠯ ᠵᠦᠢᠯ ᠤᠨ ᠠᠵᠢᠯ ᠡᠬᠢᠯᠡᠭᠰᠡᠨ ᠤ ᠳᠠᠷᠠᠭ᠎ᠠ 10% ᠶᠢ  ᠦᠭᠴᠦ᠂ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠦᠯᠡᠳᠡᠭᠰᠡᠨ 90% ᠶᠢ ᠥᠭᠭᠦᠨ᠎ᠡ᠃      ︵ᠭᠤᠷᠪᠠ︶ ᠱᠠᠩᠨᠠᠨ ᠬᠥᠬᠢᠭᠦᠯᠬᠦ ᠶᠢ ᠬᠡᠷᠡᠭᠵᠢᠭᠦᠯᠬᠦ ᠴᠤᠪᠤᠷᠠᠯ ᠢ ᠲᠣᠳᠣᠷᠬᠠᠶᠢᠯᠠᠪᠠ      ᠡᠭᠦᠨ ᠳᠤ ᠳᠣᠤᠷᠠᠬᠢ 4 ᠭᠤᠭᠴᠤᠭ᠎ᠠ ᠪᠠᠭᠲᠠᠨ᠎ᠠ᠄      1᠂ ᠱᠠᠩᠨᠠᠯ ᠤᠨ ᠮᠥᠩᠭᠦ ᠭᠤᠶᠤᠴᠢᠯᠠᠬᠤ᠄ ᠱᠠᠩᠨᠠᠯ ᠤᠨ ᠬᠦᠷᠢᠶ᠎ᠡ ᠬᠡᠪᠴᠢᠶᠡᠨ ᠳᠤ ᠨᠡᠶᠢᠴᠡᠬᠦ ᠪᠠᠶᠢᠭᠠᠯᠢ ᠬᠥᠮᠦᠨ ᠪᠤᠶᠤ ᠨᠢᠭᠡᠴᠡ ᠠᠴᠠ ᠱᠠᠩᠨᠠᠯ ᠤᠨ ᠮᠥᠩᠭᠦ ᠭᠤᠶᠤᠴᠢᠯᠠᠨ᠎ᠠ᠃      2᠂ ᠱᠠᠩᠨᠠᠯ ᠤᠨ ᠮᠥᠩᠭᠦ ᠶᠢᠨ ᠠᠩᠬᠠᠨ ᠤ ᠬᠢᠨᠠᠯᠲᠠ᠄ ᠲᠥᠷᠥᠯ ᠵᠦᠢᠯ ᠢ ᠳᠠᠭᠠᠭᠠᠨ ᠠᠪᠤᠭᠰᠠᠨ ᠭᠠᠵᠠᠷ᠂ ᠭᠤᠷᠪᠠᠳᠠᠬᠢ ᠡᠲᠡᠭᠡᠳ ᠤᠨ ᠪᠠᠶᠢᠭᠤᠯᠤᠮᠵᠢ᠂ ᠰᠢᠶᠠᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠱᠠᠩᠨᠠᠯ ᠤᠨ ᠮᠥᠩᠭᠦ ᠶᠢᠨ ᠠᠩᠬᠠᠨ ᠤ ᠬᠢᠨᠠᠯᠲᠠ ᠬᠢᠨ᠎ᠠ᠃      3᠂ ᠱᠠᠩᠨᠠᠯ ᠤᠨ ᠮᠥᠩᠭᠦ ᠶᠢ ᠬᠢᠨᠠᠨ ᠲᠣᠭᠲᠠᠭᠠᠬᠤ᠄ ᠰᠢᠶᠠᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠠᠴᠠ ᠱᠠᠩᠨᠠᠯ ᠤᠨ ᠲᠥᠷᠥᠯ ᠵᠦᠢᠯ ᠪᠠ ᠱᠠᠩᠨᠠᠯ ᠤᠨ ᠮᠦᠩᠭᠦ ᠶᠢᠨ ᠲᠤᠭ᠎ᠠ ᠶᠢ ᠬᠢᠨᠠᠨ ᠬᠠᠷᠭᠤᠭᠤᠯᠵᠤ ᠨᠤᠲᠠᠯᠠᠨ ᠲᠣᠭᠲᠠᠭᠠᠨ᠎ᠠ᠃      4᠂ ᠱᠠᠩᠨᠠᠯ ᠤᠨ ᠮᠥᠩᠭᠦ ᠶᠢ ᠬᠡᠷᠡᠭᠵᠢᠭᠦᠯᠬᠦ᠄ ᠱᠠᠩᠨᠠᠯ ᠤᠨ ᠮᠥᠩᠭᠦ ᠶᠢ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠠᠴᠠ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠤᠰᠬᠠᠶ ᠵᠦᠢᠯ ᠤᠨ ᠱᠠᠩᠨᠠᠯ ᠤᠨ ᠵᠠᠷᠤᠳᠠᠯ ᠤᠨ ᠳᠣᠲᠣᠷ᠎ᠠ ᠠᠴᠠ ᠭᠠᠷᠭᠠᠨ ᠥᠭᠬᠦ ᠶᠢᠨ ᠬᠠᠮᠲᠤ ᠬᠠᠤᠯᠢ ᠶᠣᠰᠣᠭᠠᠷ ᠭᠠᠶᠢᠯᠢ ᠲᠤᠰᠢᠶᠠᠬᠤ ᠳᠤ ᠬᠢᠨᠠᠯᠲᠠ ᠲᠠᠯᠪᠢᠨ᠎ᠠ᠃      ︵ᠲᠦᠷᠪᠡ︶ ᠪᠤᠰᠤᠳ ᠵᠦᠢᠯᠡᠰ ᠢ ᠲᠣᠳᠣᠷᠬᠠᠶᠢᠯᠠᠪᠠ      1᠂ ᠲᠤᠰ ᠠᠷᠭ᠎ᠠ ᠨᠢ ᠠᠵᠤ ᠠᠬᠤᠶᠢᠯᠠᠯ ᠯᠤᠭ᠎ᠠ ᠲᠣᠬᠢᠷᠠᠯᠴᠠᠭᠰᠠᠨ ᠤᠤᠯ ᠤᠨ ᠪᠤᠰᠤᠳ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠶᠢ ᠬᠡᠷᠡᠭᠵᠢᠭᠦᠯᠬᠦ ᠶᠢ ᠨᠥᠯᠥᠭᠡᠯᠡᠬᠦ ᠥᠭᠡᠢ᠃      2᠂ ᠲᠤᠰ ᠠᠷᠭ᠎ᠠ ᠶᠢ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠠᠴᠠ ᠬᠠᠷᠢᠭᠤᠴᠠᠨ ᠲᠠᠶᠢᠯᠪᠤᠷᠢᠯᠠᠨ᠎ᠠ᠃      ᠲᠣᠰ ᠠᠷᠭ᠎ᠠ ᠶᠢ 2021 ᠣᠨ ᠤ 11 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ ᠬᠤᠶᠠᠷ ᠵᠢᠯ ᠪᠣᠯᠤᠨ᠎ᠠ᠃ ᠰᠢᠶᠠᠨ ᠤ ᠵᠠᠰᠠᠭ ᠤᠨ ᠣᠷᠳᠣᠨ ᠤ ᠥᠩᠭᠡᠷᠡᠭᠰᠡᠨ ᠳᠤ ᠨᠡᠶᠢᠲᠡᠯᠡᠭᠰᠡᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠨᠢ ᠲᠣᠰ ᠠᠷᠭ᠎ᠠ ᠲᠠᠢ ᠨᠢᠭᠡᠳᠦᠯ ᠥᠬᠡᠶ ᠪᠠᠶᠢᠪᠠᠯ᠂ ᠲᠣᠰ ᠠᠷᠭ᠎ᠠ ᠶᠢᠨ ᠶᠣᠰᠣᠭᠠᠷ ᠬᠡᠷᠡᠭᠵᠢᠭᠦᠯᠦᠨ᠎ᠡ᠃
 
ᠢᠷᠡᠯᠲᠡ᠄ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1