ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠤᠨ ᠤᠳᠤᠷᠢᠳᠤᠯᠭ᠎ᠠ ᠮᠠᠨ ᠤ ᠰᠢᠶᠠᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠠᠵᠢᠯ ᠢ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2021/11/30
      11 ᠳ᠋ᠤᠭᠡᠷ ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠤᠨ ᠳᠡᠳ᠋ ᠲᠡᠷᠢᠭᠦᠯᠡᠭᠴᠢ ᠤᠮᠤᠭ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠠᠵᠢᠯᠴᠢᠨ ᠤ ᠶᠡᠷᠦᠩᠬᠡᠶ ᠡᠪᠯᠡᠯ ᠤᠨ ᠲᠡᠷᠢᠭᠦᠯᠡᠭᠴᠢ ᠰᠡᠴᠢᠨᠪᠢᠯᠢᠭ ᠤᠨ ᠳᠠᠭᠠᠭᠤᠯᠤᠭᠰᠠᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠶᠢᠨ ᠳ᠋ᠠ ᠸᠧᠶ ᠡᠮ ᠤᠨ ᠦᠢᠯᠡᠰ ᠤᠨ ᠬᠢᠵᠠᠭᠠᠷᠲᠤ ᠺᠣᠮᠫᠠᠨᠢ᠂ ᠲᠣᠭᠲᠠᠬᠤ ᠰᠢᠶᠠᠨ ᠤ ᠢ ᠯᠢᠦ ᠸᠠᠨ ᠲᠣᠰᠬᠤᠨ ᠤ ᠠᠵᠢᠯᠲᠠᠨ ᠠᠵᠢᠯᠴᠢᠨ ᠤ ᠰᠤᠪᠢᠯᠠᠯᠳᠠ ᠶᠢᠨ ᠲᠥᠪ ᠲᠤ ᠬᠦᠷᠴᠦ᠂ ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠥᠷᠲᠡᠭᠡ ᠲᠠᠢ ᠬᠠᠷᠢᠯᠴᠠᠵᠤ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ᠃ ᠲᠣᠭᠲᠠᠬᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠰᠢᠶᠦ᠋ᠨ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠮᠢᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠭᠤᠤ ᠬᠠᠨ ᠪᠠᠷ᠎ᠠ ᠪᠤᠯᠵᠤ ᠪᠠᠶᠢᠴᠠᠭᠠᠨ ᠰᠤᠳᠤᠯᠤᠯᠲᠠ ᠬᠢᠵᠡᠢ᠃
     ᠪᠠᠶᠢᠴᠠᠭᠠᠨ ᠰᠤᠳᠤᠯᠬᠤ ᠳᠤᠭᠤᠶᠢᠯᠠᠩ ᠡᠩ ᠲᠡᠷᠢᠭᠦᠨ ᠳᠤ᠂ ᠶᠢᠨ ᠳ᠋ᠠ ᠸᠧᠶ ᠡᠮ ᠤᠨ ᠦᠢᠯᠡᠰ ᠤᠨ ᠬᠢᠵᠠᠭᠠᠷᠲᠤ ᠺᠣᠮᠫᠠᠨᠢ ᠳᠤ ᠬᠦᠷᠴᠦ᠂ ᠶᠢᠨ ᠳ᠋ᠠ ᠸᠧᠶ ᠶᠢᠨ ᠠᠵᠢᠯᠴᠢᠨ ᠤ ᠡᠪᠯᠡᠯ ᠤᠨ ᠣᠶᠢᠷ᠎ᠠ ᠶᠢᠨ ᠵᠢᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠳᠡᠳ᠋ ᠲᠡᠷᠢᠭᠦᠯᠡᠭᠴᠢ ᠤᠮᠤᠭ ᠶᠢᠨ ᠳ᠋ᠠ ᠸᠧᠶ ᠶᠢᠨ ᠠᠵᠢᠯᠴᠢᠨ ᠤ ᠡᠪᠯᠡᠯ ᠤᠨ ᠠᠵᠢᠯ ᠢ ᠭᠦᠢᠴᠡᠳ ᠨᠤᠲᠠᠯᠠᠭᠰᠠᠨ ᠤ ᠬᠠᠮᠲᠤ ᠠᠵᠤ ᠠᠬᠤᠶᠢᠯᠠᠯ ᠤᠨ ︽ᠠᠵᠢᠯᠲᠠᠨ ᠠᠵᠢᠯᠴᠢᠨ ᠤ ᠬᠡᠷ︾ ᠤᠨ ᠪᠠᠶᠢᠭᠤᠯᠤᠯᠲᠠ᠂ ᠠᠵᠢᠯᠲᠠᠨ ᠠᠵᠢᠯᠴᠢᠨ ᠤ ᠴᠠᠯᠢᠩ ᠠᠰᠠᠷᠠᠮᠵᠢ ᠬᠠᠷᠠᠭᠠᠯᠵᠠᠯ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ᠂ ᠠᠶᠤᠯᠭᠦᠶ ᠦᠢᠯᠡᠳᠪᠦᠷᠢᠯᠡᠯ ᠵᠡᠷᠭᠡ ᠲᠠᠯ᠎ᠠ ᠪᠠᠷ ᠨᠠᠩ ᠥᠨᠳᠥᠷ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠳᠠᠷᠠᠭᠠᠪᠠᠷ ᠨᠢ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠣᠭᠲᠠᠬᠤ ᠰᠢᠶᠠᠨ ᠤ ᠢ ᠯᠢᠦ ᠸᠠᠨ ᠲᠤᠰᠬᠤᠨ ᠤ ᠠᠵᠢᠯᠳᠠᠨ ᠠᠵᠢᠯᠴᠢᠨ ᠤ ᠰᠤᠪᠢᠯᠠᠯᠲᠠ ᠶᠢᠨ ᠲᠥᠪ ᠤᠨ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠦᠷᠳᠡᠭᠡ ᠲᠠᠢ ᠬᠠᠷᠢᠯᠴᠠᠵᠤ᠂ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠤᠨ ᠡᠪᠯᠡᠯ ᠪᠠᠶᠢᠭᠤᠯᠵᠤ ᠡᠪᠯᠡᠯ ᠳᠤ ᠤᠷᠤᠭᠰᠠᠨ ᠪᠠᠶᠢᠳᠠᠯ ᠤᠨ ᠲᠤᠬᠠᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃
     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠰᠢᠶᠠᠨ ᠤ ᠠᠵᠢᠯᠴᠢᠨ ᠤ ᠡᠪᠯᠡᠯ ᠤᠨ ᠠᠵᠢᠯ ᠢ ᠭᠦᠢᠴᠡᠳ ᠨᠤᠲᠠᠯᠠᠭᠰᠠᠨ ᠤ ᠬᠠᠮᠲᠤ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠨᠢ ᠠᠵᠢᠯᠴᠢᠨ ᠠᠩᠬᠢ ᠪᠠ ᠠᠵᠢᠯᠴᠢᠨ ᠤ ᠡᠪᠯᠡᠯ ᠤᠨ ᠠᠵᠢᠯ ᠤᠨ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠥᠭᠦᠯᠡᠯᠲᠡ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠷᠭᠡᠨ ᠤᠯᠠᠨ ᠠᠵᠢᠯᠳᠠᠨ ᠠᠵᠢᠯᠴᠢᠨ ᠢ ᠪᠦᠯᠬᠦᠮᠳᠡᠭᠦᠯᠦᠨ ᠲᠠᠶᠢᠴᠢᠯᠠᠵᠦ ᠰᠢᠨ᠎ᠡ ᠡᠭᠦᠷᠭᠡ ᠶᠢ ᠴᠢᠷᠮᠠᠶᠢᠨ ᠡᠭᠦᠷᠭᠡᠯᠡᠭᠦᠯᠵᠦ᠂ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠬᠤ ᠬᠡᠷᠡᠭᠲᠡᠶ᠃ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠵᠢᠯᠴᠢᠨ ᠤ ᠡᠪᠯᠡᠯ ᠤᠨ ᠬᠥᠭᠵᠢᠯᠲᠡ ᠶᠢᠨ ᠵᠠᠮ ᠢᠶᠠᠷ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠢ ᠬᠠᠮᠤᠭ ᠤᠨ ᠶᠡᠭᠡ ᠬᠡᠮᠵᠢᠶ᠎ᠡ ᠪᠠᠷ ᠲᠠᠳᠠᠨ ᠠᠪᠴᠢᠷᠠᠭᠰᠠᠨ ᠤ ᠲᠠᠷᠠᠭ᠎ᠠ ᠪᠠᠰᠠ ᠵᠣᠬᠢᠶᠠᠨ ᠪᠠᠶᠢᠭᠤᠯᠤᠨ ᠲᠣᠭᠲᠠᠪᠤᠷᠢᠵᠢᠭᠤᠯᠵᠤ᠂ ᠲᠡᠳᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠪᠠᠲᠤᠯᠠᠬᠤ ᠶᠢᠨ ᠬᠠᠮᠲᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠣᠶᠣᠯ ᠵᠤᠭᠠᠴᠠᠯ ᠤᠨ ᠦᠢᠯᠡᠰ ᠢ ᠬᠥᠭᠵᠢᠭᠦᠯᠬᠦ ᠲᠠᠢ ᠤᠶᠠᠯᠳᠤᠭᠤᠯᠤᠨ᠂ ᠠᠵᠢᠯᠳᠠᠨ ᠠᠵᠢᠯᠴᠢᠨ ᠤ ᠰᠤᠪᠢᠯᠠᠯᠳᠠ ᠶᠢᠨ ᠲᠥᠪ ᠤᠨ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ ᠬᠢᠵᠦ᠂ ᠠᠵᠢᠯᠳᠠᠨ ᠠᠵᠢᠯᠴᠢᠨ ᠳᠤ ᠰᠠᠶᠢᠨ ᠶᠠᠪᠤᠳᠠᠯ᠂ ᠪᠣᠳᠠᠲᠤ ᠶᠠᠪᠤᠳᠠᠯ ᠬᠢᠵᠦ᠂ ᠠᠵᠢᠯᠳᠠᠨ ᠠᠵᠢᠯᠴᠢᠨ ᠳᠤ ᠦᠢᠯᠡᠴᠢᠯᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1