11 ᠳ᠋ᠤᠭᠡᠷ ᠰᠠᠷ᠎ᠠ ᠶᠢᠨ 3 ᠤ ᠡᠳᠦᠷ᠂ ᠲᠣᠭᠲᠠᠬᠤ ᠬᠤᠳᠠᠯᠳᠤᠭᠠᠨ ᠤ ᠬᠤᠯᠪᠤᠭ᠎ᠠ ᠪᠠᠰᠠ ᠨᠢᠭᠡ ᠪᠦᠯᠦᠭ | ᠡᠳ᠋ ᠪᠣᠳᠠᠰ ᠢ ᠮᠠᠨ ᠤ ᠰᠢᠶᠠᠨ ᠳᠤ ᠵᠠᠯᠭᠠᠭ᠎ᠠ ᠪᠠᠷ ᠲᠡᠭᠡᠭᠡᠪᠦᠷᠢᠯᠡᠨ ᠠᠪᠴᠢᠷᠠᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ ᠠᠵᠢᠯ ᠢ ᠳᠡᠮᠵᠢᠪᠡ᠃ | ᠲᠤᠰ ᠪᠦᠯᠦᠭ ᠡᠳ᠋ ᠪᠣᠳᠠᠰ ᠲᠤ ᠲᠦᠸᠧ ᠬᠤᠸᠠ ᠺᠣᠮᠫᠠᠨᠢ ᠠᠴᠠ ᠱᠤᠸᠠᠩ ᠾᠧ ᠪᠠᠯᠭᠠᠰᠤᠨ ᠳᠤ 30000 | ᠭᠠᠷᠤᠶ ᠲᠥᠭᠦᠷᠢᠭ ᠤᠨ ᠬᠠᠮᠠᠭᠠᠯᠠᠯᠲᠠ ᠶᠢᠨ ᠬᠤᠪᠴᠠᠰᠤ᠂ ᠬᠥᠪᠥᠩ ᠳ᠋ᠠᠴᠠᠩ ᠵᠡᠷᠭᠡ ᠬᠢᠵᠢᠭ ᠢ ᠡᠰᠡᠷᠭᠦᠴᠡᠬᠦ ᠴᠢᠬᠤᠯᠠ | ᠬᠡᠷᠡᠭᠴᠡᠭᠡᠨ ᠤ ᠡᠳ᠋ ᠪᠣᠳᠠᠰ ᠵᠢᠴᠢ ᠬᠤᠳᠠᠯᠳᠤᠭᠠᠴᠢᠳ ᠤᠨ ᠡᠪᠯᠡᠯ ᠤᠨ ᠭᠡᠰᠢᠭᠦᠨ ᠵᠢᠴᠢ ᠬᠠᠶᠢᠷ᠎ᠠ ᠬᠠᠯᠠᠮᠵᠢ ᠶᠢᠨ | ᠬᠥᠮᠦᠰ ᠠᠴᠠ ᠱᠤᠸᠠᠩ ᠾᠧ ᠪᠠᠯᠭᠠᠰᠤᠨ ᠤ ᠶᠦᠨ ᠵᠥᠩ ᠶᠠ ᠶᠤᠸᠠᠨ ᠨᠡᠶᠢᠭᠡᠮ ᠲᠣᠭᠤᠷᠢᠭ ᠲᠤ ᠬᠠᠨᠳᠢᠪᠯᠠᠭᠰᠠᠨ | ᠠᠮᠠᠪᠴᠢ᠂ ᠬᠤᠨᠢᠨ ᠰᠦ᠂ ᠳ᠋ᠠᠴᠠᠩ᠂ ᠮᠠᠶᠢᠬᠠᠨ ᠵᠡᠷᠭᠡ 20000 ᠭᠠᠷᠤᠶ ᠲᠥᠭᠦᠷᠢᠭ ᠤᠨ ᠬᠢᠵᠢᠭ ᠢ ᠡᠰᠡᠷᠭᠦᠴᠡᠬᠦ | ᠡᠳ᠋ ᠪᠣᠳᠠᠰ ᠪᠠᠭᠲᠠᠨ᠎ᠠ᠃ | | | | | ᠣᠶᠢᠯᠠᠭᠠᠭᠰᠠᠨ ᠢᠶᠠᠷ᠂ ᠲᠣᠰ ᠡᠭᠡᠯᠵᠢ ᠶᠢᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠲᠣᠭᠲᠠᠬᠤ | ᠬᠤᠳᠠᠯᠳᠤᠭᠠᠨ ᠤ ᠬᠤᠯᠪᠤᠭ᠎ᠠ ᠢᠳᠡᠪᠬᠢᠲᠡᠶ ᠪᠠᠷ ᠴᠤᠤᠷᠢᠶᠠᠲᠤᠨ ᠳᠠᠭᠠᠵᠤ᠂ ᠦᠳᠲᠡᠷ ᠲᠦᠷᠭᠡᠨ ᠬᠥᠳᠡᠯᠦᠯᠴᠡᠨ᠂ | ᠬᠠᠮᠤᠭ ᠤᠨ ᠲᠡᠷᠢᠭᠦᠨ ᠳᠤ ᠬᠤᠳᠠᠯᠳᠤᠭᠠᠨ ᠤ ᠬᠤᠯᠪᠤᠭ᠎ᠠ ᠶᠢᠨ ᠭᠡᠰᠢᠭᠦᠨ ᠵᠢᠴᠢ ᠨᠡᠶᠢᠭᠡᠮ ᠤᠨ ᠡᠯ᠎ᠡ ᠡᠲᠡᠭᠡᠳ ᠤᠨ | ᠬᠠᠶᠢᠷ᠎ᠠ ᠬᠠᠯᠠᠮᠵᠢ ᠲᠠᠢ ᠬᠥᠮᠦᠰ ᠢ ᠵᠣᠬᠢᠶᠠᠨ ᠪᠠᠶᠢᠭᠤᠯᠵᠤ᠂ ᠨᠤᠲᠤᠭ ᠤᠰᠤᠨ ᠤ ᠪᠠᠨ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ ᠳᠤ ᠬᠢᠵᠢᠭ ᠢ ᠰᠡᠷᠭᠡᠶᠢᠯᠡᠬᠦ ᠡᠳ᠋ ᠪᠣᠳᠠᠰ ᠬᠠᠨᠳᠢᠪᠯᠠᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ ᠬᠤᠷᠢᠭᠯᠠᠨ ᠴᠣᠬᠢᠬᠤ ᠲᠡᠶᠢᠨ ᠤ ᠢᠯᠠᠯᠲᠠ ᠶᠢ ᠤᠯᠬᠤ ᠳᠤ ᠲᠤᠭᠳᠠᠬᠤ | ᠬᠤᠳᠠᠯᠳᠤᠭᠠᠴᠢᠳ ᠤᠨ ᠬᠦᠴᠦᠨ ᠴᠢᠳᠠᠯ ᠢᠶᠠᠨ ᠡᠷᠭᠦᠵᠡᠶ᠃ | | | | | ᠡᠯᠡᠰᠦ ᠶᠢ ᠴᠤᠭᠯᠠᠭᠤᠯᠪᠠᠯ ᠰᠤᠪᠤᠷᠭ᠎ᠠ ᠪᠣᠯᠵᠤ᠂ ᠣᠯᠠᠨ ᠤ ᠵᠣᠷᠢᠭ ᠢ ᠨᠢᠭᠡᠳᠬᠡᠨ᠎ᠡ᠃ ᠲᠣᠭᠲᠠᠬᠤ ᠶᠢᠨ | ᠬᠤᠳᠠᠯᠳᠤᠭᠠᠨ ᠤ ᠬᠤᠯᠪᠤᠭ᠎ᠠ ᠪᠣᠳᠠᠲᠤ ᠠᠵᠢᠯᠯᠠᠭ᠎ᠠ ᠪᠠᠷ ᠢᠶᠠᠨ ᠨᠡᠶᠢᠭᠡᠮ ᠤᠨ ᠬᠠᠷᠢᠭᠤᠴᠠᠯᠭ᠎ᠠ ᠪᠠ ᠡᠭᠦᠷᠭᠡᠯᠡᠯ ᠢ | ᠦᠢᠯᠡᠳᠦᠯᠭᠡᠵᠢᠭᠦᠯᠵᠦ᠂ ᠲᠣᠭᠲᠠᠬᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠠᠯᠠᠭᠤᠨ ᠳᠤᠯᠠᠭᠠᠨ | ᠪᠠ ᠬᠦᠴᠦᠨ ᠴᠢᠳᠠᠯ ᠢ ᠨᠡᠮᠡᠷᠢᠯᠡᠭᠰᠡᠨ ᠪᠠᠶᠢᠨ᠎ᠠ᠃ | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ | ᠳᠠᠷᠤᠭ᠎ᠠ ᠯᠢᠦ ᠹᠸᠢ ᠪᠡᠯᠡᠭᠯᠡᠨ ᠬᠦᠷᠭᠡᠬᠦ ᠶᠣᠰᠣᠯᠠᠯ ᠳᠤ ᠣᠷᠣᠯᠴᠠᠪᠠ᠃ |