ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ 2021 ᠣᠨ ᠤ 18 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠪᠠ 21 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/11/4
     11 ᠳ᠋ᠤᠭᠡᠷ ᠰᠠᠷ᠎ᠠ ᠶᠢᠨ 3 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠭᠤᠤ ᠵᠧᠩ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ 2021 ᠣᠨ ᠤ 18 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 13 ᠳ᠋ᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠪᠠ 21 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃
     ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ︽ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ ᠪᠠᠷ ᠲᠤᠤᠱᠯᠠᠭᠤᠯᠵᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠤᠷᠬᠢᠯ ᠳᠤ ᠬᠦᠷᠭᠡᠵᠦ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ  ᠰᠠᠭᠠᠷᠮᠠᠭᠵᠢᠭᠤᠯᠬᠤ ᠠᠵᠢᠯ ᠢ ᠰᠠᠶᠢᠲᠤᠷ ᠬᠢᠬᠦ ᠲᠤᠬᠠᠢ ᠰᠠᠨᠠᠯ︾ ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠤᠯᠠᠮᠵᠢᠯᠠᠨ ᠰᠤᠷᠤᠯᠴᠠᠪᠠ︔ ᠠᠶᠤᠯᠭᠦᠶ ᠦᠢᠯᠡᠳᠪᠦᠷᠢᠯᠡᠯ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ᠂ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠵᠡᠷᠭᠡ ᠤᠢᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠰᠠᠯᠠᠭ᠎ᠠ ᠮᠥᠴᠢᠷ ᠤᠨ ᠬᠢᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠪᠤᠳᠤᠯ ᠢᠶᠠᠨ ᠴᠢᠨᠠᠭᠰᠢᠳᠠ ᠴᠢᠩᠭᠠᠳᠬᠠᠵᠤ᠂ ᠴᠢᠬᠤᠯᠠ ᠶᠡᠭᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠠᠯᠲᠠ ᠡᠭᠦᠷᠭᠡ ᠪᠠᠨ ᠨᠠᠷᠢᠯᠢᠬᠵᠢᠭᠤᠯᠵᠤ᠂ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠶᠢ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠳᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢ ᠤᠶᠠᠯᠳᠤᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠᠶᠢᠳᠠᠯ ᠢ ᠪᠦᠷᠢᠳᠭᠡᠬᠦ ᠠᠵᠢᠯ ᠢ ᠰᠠᠶᠢᠲᠤᠷ ᠠᠳᠬᠤᠵᠤ᠂ ᠲᠤᠭ᠎ᠠ ᠪᠦᠷᠢᠳᠬᠡᠯ ᠢ ᠬᠠᠭᠤᠷᠮᠠᠭ ᠢᠶᠠᠷ ᠵᠣᠬᠢᠶᠠᠬᠤ᠂ ᠬᠤᠳᠠᠯ ᠢᠶᠠᠷ ᠵᠣᠬᠢᠶᠠᠨ ᠬᠠᠭᠤᠷᠮᠠᠭ ᠢᠶᠠᠷ ᠵᠣᠬᠢᠶᠠᠬᠤ ᠠᠵᠢᠯ ᠤᠨ ᠠᠭᠤᠷ ᠠᠮᠢᠰᠬᠤᠯ ᠢ ᠪᠤᠢ ᠪᠣᠯᠭᠠᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠂ ᠪᠦᠷᠢᠨ ᠪᠦᠲᠦᠨ ᠴᠢᠨᠠᠷ ᠪᠠ ᠴᠠᠭ ᠲᠤᠬᠠᠢᠢᠴᠢ ᠴᠢᠨᠠᠷ ᠢ ᠪᠠᠲᠤᠯᠠᠬᠤ ᠬᠡᠷᠡᠭᠲᠡᠶ᠃ ᠴᠢᠳᠠᠪᠤᠷᠢ ᠬᠡᠪ ᠴᠢᠨᠠᠷ ᠪᠣᠯᠤᠨ ᠠᠵᠢᠯ ᠤᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢ ᠪᠤᠢ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠬᠤ ᠪᠠᠶᠢᠳᠠᠯ ᠢ ᠪᠠᠲᠤᠯᠠᠵᠤ᠂ ᠮᠠᠨ ᠤ ᠰᠢᠶᠠᠨ ᠤ ᠲᠤᠭ᠎ᠠ ᠪᠦᠷᠢᠳᠬᠡᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠢᠨᠠᠨ ᠬᠠᠮᠢᠶᠠᠷᠬᠤ ᠪᠠ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠠᠵᠤ ᠠᠬᠤᠶᠢᠯᠠᠯ᠂ ᠬᠥᠮᠦᠨ ᠬᠠᠷ᠎ᠠ ᠨᠢᠭᠲᠠᠷᠠᠨ ᠴᠤᠭᠯᠠᠷᠠᠭᠰᠠᠨ ᠭᠠᠵᠠᠷ ᠲᠠᠯᠠᠪᠤᠷ᠂ ᠵᠢᠭᠤᠯᠴᠢᠯᠠᠯ ᠤᠨ  ᠲᠦᠭᠦᠭᠡᠷᠦᠮᠵᠢ᠂ ᠢᠳᠡᠭᠡᠨ ᠪᠠ ᠡᠮ ᠲᠠᠩ᠂ ᠭᠠᠯ ᠤᠨᠲᠠᠷᠠᠭᠠᠬᠤ᠂ ᠵᠠᠮ ᠬᠠᠷᠢᠯᠴᠠᠭ᠎ᠠ ᠵᠡᠷᠭᠡ ᠶᠢᠨ ᠲᠣᠭᠤᠷᠢᠨ ᠳᠤ ᠠᠶᠦᠯᠭᠦᠢ ᠦᠢᠯᠡᠳᠪᠦᠷᠢᠯᠯᠡᠯ ᠤᠨ ᠬᠡᠮ ᠰᠣᠭᠤᠭ ᠢ ᠪᠥᠬᠦ ᠲᠠᠯ᠎ᠠ ᠪᠠᠷ᠂ ᠨᠠᠷᠢᠨ ᠨᠢᠮᠪᠠᠶ ᠵᠢᠭᠰᠠᠭᠠᠨ ᠪᠠᠶᠢᠴᠠᠭᠠᠬᠤ᠂ ᠶᠡᠬᠡᠪᠡᠷ ᠴᠡᠭᠴᠡᠯᠡᠨ ᠰᠠᠶᠢᠵᠢᠷᠠᠭᠤᠯᠬᠤ ᠶᠢ ᠥᠷᠨᠢᠭᠦᠯᠵᠦ᠂ ᠠᠵᠤ ᠠᠬᠤᠶᠢᠯᠠᠯ ᠵᠢᠴᠢ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠶᠢ ᠰᠢᠮᠳᠠᠭᠤᠯᠵᠤ ᠪᠠᠶᠢᠭᠠᠳ ᠡᠯ᠎ᠡ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ᠂ ᠳᠡᠭᠡᠳᠦ ᠬᠡᠯᠪᠡᠷᠢ ᠶᠢᠨ ᠲᠦᠷᠦᠯ ᠵᠦᠢᠯ ᠢ ᠨᠥᠭᠡᠴᠡᠯᠡᠬᠦ ᠪᠠ ᠪᠡᠯᠡ ᠮᠥᠩᠭᠦ ᠤᠯᠬᠤ ᠠᠵᠢᠯ ᠢ ᠢᠳᠡᠪᠬᠢᠲᠡᠢ ᠥᠷᠨᠢᠭᠦᠯᠵᠦ᠂ ᠡᠩ ᠤᠨ ᠴᠢᠨᠠᠷᠲᠠᠢ ᠵᠠᠷᠤᠯᠭ᠎ᠠ ᠶᠢ ᠦᠷᠭᠦᠯᠵᠢᠯᠡᠨ ᠬᠢᠵᠠᠭᠠᠷᠯᠠᠬᠤ᠂ ᠤᠳᠤ ᠶᠢᠨ ᠪᠠᠶᠢᠭ᠎ᠠ ᠡᠳ᠋ ᠬᠦᠷᠦᠩᠭᠡ ᠶᠢ ᠵᠢᠭᠰᠠᠭᠠᠨ ᠪᠠᠶᠢᠴᠠᠭᠠᠵᠤ ᠡᠮᠬᠢᠯᠡᠬᠦ ᠵᠡᠷᠭᠡ ᠠᠷᠭ᠎ᠠ ᠬᠡᠮᠵᠢᠶ᠎ᠡ ᠠᠪᠴᠤ᠂ ᠥᠷᠢ ᠥᠭᠴᠡᠭᠡ ᠶᠢ ᠠᠷᠢᠯᠭᠠᠬᠤ ᠰᠡᠳᠬᠢᠴᠡ ᠪᠠᠨ ᠴᠢᠨᠠᠭᠰᠢᠳᠠ ᠥᠷᠭᠡᠳᠬᠡᠵᠦ᠂ ᠠᠷᠭ᠎ᠠ ᠪᠦᠬᠦᠨ ᠢ ᠰᠦᠪᠡᠭᠴᠢᠯᠡᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠪᠠᠨ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ᠃ ᠵᠠᠬᠢᠳᠠᠯ ᠰᠤᠷᠪᠤᠯᠵᠢᠯᠠᠭ᠎ᠠ ᠶᠢ ᠲᠣᠭᠲᠠᠭᠤᠨ ᠪᠠᠶᠢᠯᠭᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠤᠯᠤᠰ ᠲᠦᠷᠦ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠢᠳᠡᠪᠬᠢᠲᠡᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠭᠦᠢᠴᠡᠳ ᠬᠦᠴᠦ ᠣᠷᠣᠭᠤᠯᠵᠤ᠂ ᠬᠤᠳᠠ ᠶᠢᠨ ᠨᠠᠮ ᠤᠨ ᠬᠤᠷᠢᠶ᠎ᠠ᠂ ᠰᠢᠶᠠᠨ ᠤ ᠨᠠᠮ ᠤᠨ ᠬᠤᠷᠢᠶ᠎ᠠ ᠶᠢᠨ ᠲᠤᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠰᠠᠶᠢᠲᠤᠷ ᠨᠠᠶᠢᠳᠠᠪᠤᠷᠢᠵᠢᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠶᠠᠷᠢᠯᠴᠠᠪᠠ᠃      ᠰᠢᠶᠠᠨ ᠤ ᠤᠳᠤᠷᠢᠳᠤᠯᠭ᠎ᠠ ᠯᠢᠦ ᡁᠢ ᠴᠢᠶᠠᠩ᠂ ᠭᠤᠤ ᠬᠠᠨ᠂ ᠶᠠᠩ ᠶᠢᠨ᠂ ᠷᠧᠨ ᠷᠦᠢ᠂ ᠶᠦᠨ ᠵᠢᠶᠠᠨ ᠵᠥᠩ᠂ ᠵᠠᠩ ᠵᠧᠨ ᠬᠠᠶ᠂ ᠰᠢᠶᠧ ᠴᠦᠨ ᠯᠦᠩ᠂ ᠠᠵᠤ ᠦᠢᠯᠡᠳᠪᠦᠷᠢ ᠶᠢᠨ ᠬᠦᠷᠢᠶᠡᠯᠡᠩ᠂ ᠡᠯ᠎ᠡ ᠪᠠᠯᠭᠠᠰᠤ᠂ ᠬᠠᠲᠤᠨ ᠭᠤᠤᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1