ᠪᠡᠭᠡᠵᠢᠩ ᠳᠤ ᠣᠳᠣᠬᠠᠨ ᠳᠤ ᠨᠢᠭᠡᠨᠲᠡ ᠣᠯᠠᠨ ᠬᠡᠷ ᠪᠦᠯᠢ ᠶᠢᠨ ᠬᠠᠮᠲᠤ ᠰᠠᠭᠤᠵᠤ ᠪᠠᠶᠢᠭ᠎ᠠ ᠬᠥᠮᠦᠰ ᠴᠥᠮ | ᠬᠠᠯᠳᠠᠪᠤᠷᠢᠯᠠᠭᠳᠠᠪᠠ᠃ ᠪᠡᠭᠡᠵᠢᠩ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ | ᠳᠡᠳ᠋ ᠡᠷᠬᠢᠯᠡᠭᠴᠢ ᠫᠠᠩ ᠰᠢᠩ ᠡᡁᠦ᠋ᠸᠧ 3 ᠤ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠬᠡᠯᠡᠬᠦ ᠳᠡᠭᠡᠨ᠂ | 11 ᠰᠠᠷ᠎ᠠ ᠶᠢᠨ 2 ᠤᠨ ᠡᠳᠦᠷ ᠤᠨ 12 ᠴᠠᠭ ᠠᠴᠠ 3 ᠤ ᠡᠳᠦᠷ ᠤᠨ 14 ᠴᠠᠭ ᠪᠣᠯᠲᠠᠯ᠎ᠠ᠂ ᠪᠡᠭᠡᠵᠢᠩ | ᠬᠤᠲᠠ ᠳᠤ ᠲᠤᠬᠠᠶ ᠶᠢᠨ ᠭᠠᠵᠠᠷ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠣᠨᠣᠰᠢᠯᠠᠭᠳᠠᠭᠰᠠᠨ | ᠡᠪᠡᠳᠴᠢᠲᠡᠨ ᠰᠢᠨ᠎ᠡ ᠪᠠᠷ 5 ᠨᠡᠮᠡᠭᠳᠡᠵᠡᠶ᠃ ᠲᠣᠰ ᠡᠭᠡᠯᠵᠢ ᠶᠢᠨ ᠬᠢᠵᠢᠭ ᠤᠨ ᠪᠠᠶᠢᠳᠠᠯ ᠤᠨ ᠲᠤᠬᠠᠢ ᠪᠡᠭᠡᠵᠢᠩ | ᠬᠤᠲᠠ ᠶᠢᠨ ᠬᠢᠨ ᠲᠤᠬᠠᠶ ᠶᠢᠨ ᠭᠠᠵᠠᠷ ᠤᠨ ᠡᠪᠡᠳᠴᠢᠳᠡᠨ ᠨᠡᠶᠢᠲᠡ 39 ᠪᠤᠯᠵᠠᠢ ᠬᠡᠵᠦ ᠮᠡᠳᠡᠭᠦᠯᠪᠡ᠃ | 23 ᠭᠠᠵᠠᠷ ᠣᠷᠣᠨ ᠠᠴᠠ ᠪᠡᠭᠡᠵᠢᠩ ᠬᠦᠷᠬᠦ ᠲᠡᠷᠭᠡᠨ ᠪᠢᠯᠧᠲ ᠢ ᠬᠤᠳᠠᠯᠳᠤᠬᠤ ᠪᠠᠨ ᠲᠦᠷ ᠵᠤᠬᠰᠤᠪᠠ | | 11 ᠰᠠᠷ᠎ᠠ ᠶᠢᠨ 2 ᠤᠨ ᠡᠳᠦᠷ ᠪᠣᠯᠲᠠᠯ᠎ᠠ᠂ ᠡᠯ᠎ᠡ ᠫᠢᠶᠣᠣ ᠬᠤᠳᠠᠯᠳᠤᠬᠤ ᠵᠠᠮ ᠰᠤᠪᠠᠭ ᠤᠳ ᠱᠠᠩ ᠷᠤᠤ᠂ | ᠲᠢᠶᠠᠨᠱᠦ᠋ᠶ᠂ ᠾᠸᠢ ᠾᠧ᠂ ᠵᠠᠩ ᠶᠧ᠂ ᠠᠯᠠᠱᠠ᠂ ᠢᠯᠢ ᠵᠡᠷᠭᠡ 23 ᠭᠠᠵᠠᠷ ᠣᠷᠣᠨ᠂ 123 ᠲᠡᠷᠭᠡᠨ | ᠥᠷᠲᠡᠭᠡ ᠠᠴᠠ ᠪᠡᠭᠡᠵᠢᠩ ᠬᠦᠷᠬᠦ ᠲᠡᠷᠭᠡᠨ ᠪᠢᠯᠧᠲ ᠬᠤᠳᠠᠯᠳᠤᠬᠤ ᠪᠠᠨ ᠲᠦᠷ ᠵᠣᠭᠰᠣᠵᠠᠶ᠃ ᠲᠡᠷᠭᠡᠨ ᠪᠢᠯᠧᠲ | ᠬᠤᠳᠠᠯᠳᠤᠬᠤ ᠪᠠᠨ ᠵᠣᠭᠰᠣᠬᠤ ᠠᠴᠠ ᠡᠮᠦᠨ᠎ᠡ ᠨᠢᠭᠡᠨᠲᠡ ᠬᠤᠳᠠᠯᠳᠤᠭᠰᠠᠨ ᠪᠡᠭᠡᠵᠢᠩ ᠳᠤ ᠣᠷᠣᠬᠤ ᠲᠡᠷᠭᠡᠨ | ᠪᠢᠯᠧᠲ ᠠᠴᠠ ᠴᠥᠮ ᠪᠢᠯᠧᠲ ᠪᠤᠴᠠᠭᠠᠬᠤ ᠭᠠᠷ ᠬᠦᠢᠴᠡᠳᠭᠡᠯ ᠤᠨ ᠲᠦᠯᠦᠪᠦᠷᠢ ᠬᠤᠷᠢᠶᠠᠬᠤ ᠥᠬᠡᠶ᠂ | ᠠᠶᠠᠨᠴᠢᠳ ᠨᠢᠭᠡᠨᠲᠡ ᠬᠤᠳᠠᠯᠳᠤᠨ ᠠᠪᠤᠭᠰᠠᠨ ᠬᠦᠴᠦᠨ ᠪᠥᠬᠦᠶ ᠲᠡᠷᠭᠡᠨ ᠪᠢᠯᠧᠲ ᠢᠶᠠᠨ ᠪᠤᠴᠠᠭᠠᠬᠤ ᠴᠢᠬᠤᠯᠠᠲᠠᠶ | ᠪᠤᠯ᠂ ᠲᠡᠷᠭᠡ ᠬᠦᠳᠡᠯᠬᠦ ᠦᠷᠳᠡᠭᠡ ᠨᠢ ᠳᠡᠭᠡᠷ᠎ᠡ ᠳᠤᠷᠠᠳᠤᠭᠰᠠᠨ ᠭᠠᠵᠠᠷ ᠣᠷᠣᠨ ᠤ ᠲᠡᠷᠭᠡᠨ ᠥᠷᠲᠡᠭᠡ ᠪᠦᠭᠡᠳ | ᠲᠡᠷᠭᠡ ᠬᠥᠷᠬᠦ ᠦᠷᠳᠡᠭᠡ ᠨᠢ ᠪᠡᠭᠡᠵᠢᠩ ᠤᠨ ᠦᠷᠳᠡᠭᠡ ᠪᠤᠯᠬᠤ ᠬᠦᠴᠦᠨ ᠪᠥᠬᠦᠶ ᠲᠡᠷᠭᠡᠨ ᠪᠢᠯᠧᠲ ᠢᠶᠠᠷ ᠢᠶᠠᠨ | ᠲᠡᠷᠭᠡᠨ ᠥᠷᠲᠡᠭᠡᠨ ᠤ ᠪᠢᠯᠧᠲ ᠬᠤᠳᠠᠯᠳᠤᠬᠤ ᠴᠣᠩᠬᠤᠨ ᠳᠤ ᠬᠦᠷᠴᠦ ᠪᠢᠯᠧᠲ ᠪᠤᠴᠠᠭᠠᠬᠤ ᠭᠠᠷ ᠬᠦᠢᠴᠡᠳᠭᠡᠯ | ᠬᠢᠵᠦ ᠪᠣᠯᠤᠨ᠎ᠠ᠂ ᠭᠠᠷ ᠬᠦᠢᠴᠡᠳᠭᠡᠯ ᠤᠨ ᠲᠦᠯᠦᠪᠦᠷᠢ ᠬᠤᠷᠢᠶᠠᠬᠤ ᠥᠬᠡᠶ᠃ ᠪᠢᠯᠧᠲ ᠪᠤᠴᠠᠭᠠᠬᠤ ᠦᠶᠡᠰ᠂ | ᠲᠡᠮᠦᠷ ᠵᠠᠮ ᠤᠨ ᠠᠶᠠᠨᠴᠢᠳ ᠤᠨ ᠳᠠᠭᠠᠳᠬᠠᠯ ᠪᠠ ᠢᠨᠲ᠋ᠧᠷ ᠰᠦᠯᠵᠢᠶ᠎ᠡ ᠪᠠᠷ ᠬᠤᠭᠤᠯᠠ ᠵᠠᠬᠢᠶᠠᠯᠠᠬᠤ ᠭᠠᠷᠳᠠᠮ ᠢ | ᠬᠠᠮᠲᠤ ᠳᠤᠨᠢ ᠬᠦᠢᠴᠡᠳᠭᠡᠨ᠎ᠡ᠃ |