11 ᠰᠠᠷ᠎ᠠ ᠶᠢᠨ 1 ᠤ ᠡᠳᠦᠷ ᠤᠨ 17 ᠴᠠᠭ ᠲᠤ᠂ ᠪᠡᠭᠡᠵᠢᠩ ᠬᠤᠲᠠ ᠶᠢᠨ ᠴᠤᠤᠶᠠᠩ ᠲᠣᠭᠤᠷᠢᠭ ᠤᠨ | ᠴᠠᠩ ᠫᠢᠩ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠤᠨ ᠬᠢᠨ᠂ ᠴᠠᠩ ᠫᠢᠩ ᠲᠣᠭᠤᠷᠢᠭ ᠤᠨ | 2 ᠬᠥᠮᠦᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠳ᠋ᠦᠩ ᠳᠤ ᠲᠣᠰ ᠲᠣᠰ ᠠᠷᠭ᠎ᠠ ᠴᠢᠨᠠᠷ | ᠢᠯᠡᠷᠡᠭᠰᠡᠨ ᠪᠠ ᠲᠠᠩ ᠭᠧᠨ ᠨᠢ ᠠᠷᠭ᠎ᠠ ᠴᠢᠨᠠᠷ ᠢᠯᠡᠷᠡᠪᠡ᠂ ᠲᠡᠭᠦᠨ ᠤ ᠶᠠᠪᠤᠵᠤ ᠰᠠᠭᠤᠬᠰᠠᠨ ᠵᠠᠮ ᠮᠦᠷ ᠨᠢ ᠬᠤᠸᠠ | ᠵᠢᠶᠠ ᠳ᠋ᠢ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠴᠤᠤ ᠯᠠᠶ ᠰᠤᠷᠭᠠᠭᠤᠯᠢ ᠶᠢᠨ ᠲᠣᠭᠤᠷᠢᠭ ᠪᠠ ᠴᠧᠨ ᠵᠢᠩ | ᠯᠦᠨ ᠳᠤᠮᠳᠠᠳᠤ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ ᠪᠤᠯᠤᠨ᠎ᠠ ᠬᠡᠵᠦ ᠮᠡᠳᠡᠭᠳᠡᠪᠡ᠃ | ᠶᠠᠭᠤ ᠶᠢ ᠳᠠᠩ ᠭᠧᠨ ᠨᠢ ᠠᠷᠭ᠎ᠠ ᠴᠢᠨᠠᠷ ᠲᠠᠢ ᠭᠡᠳᠡᠭ ᠪᠤᠢ︖ | ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠤᠨ ᠲᠤᠷᠰᠢᠯᠲᠠ ᠶᠢᠨ | ᠲᠠᠰᠤᠭ ᠤᠨ ᠰᠢᠯᠭᠠᠨ ᠪᠠᠶᠢᠴᠠᠭᠠᠬᠤ ᠮᠡᠷᠭᠡᠵᠢᠯ ᠤᠨ ᠵᠦᠭᠯᠡᠭᠦᠷ ︵ᠳᠥᠷᠪᠡᠳᠦᠭᠡᠷ ᠬᠡᠪᠯᠡᠯ︶︾ ᠳᠤ ᠵᠢᠭᠠᠵᠤ | ᠭᠠᠷᠭᠠᠬᠰᠠᠨ ᠢ ᠦᠨᠳᠦᠰᠦᠯᠡᠪᠡᠯ᠂ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠰᠢᠯᠭᠠᠨ | ᠪᠠᠶᠢᠴᠠᠭᠠᠯᠳᠠ ᠶᠢᠨ ᠠᠷᠭ᠎ᠠ ᠨᠢ ᠭᠤᠤᠯᠳᠠᠭᠤ ᠴᠠᠭ ᠲᠤᠬᠠᠶ ᠳᠤᠨᠢ ᠴᠡᠭᠡᠨ ᠬᠡᠷᠡᠯ RT - PCR ᠠᠷᠭ᠎ᠠ ᠶᠢ | ᠬᠡᠷᠡᠭᠯᠡᠬᠦ ᠪᠣᠯᠤᠨ᠎ᠠ᠂ ᠲᠣᠰ ᠰᠢᠯᠭᠠᠨ ᠪᠠᠶᠢᠴᠠᠭᠠᠯᠳᠡ ᠶᠢᠨ ᠠᠷᠭ᠎ᠠ ᠨᠢ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ | ᠭᠧᠨ ᠤ ᠪᠦᠯᠦᠭ ᠤᠨ ᠲᠤᠳᠤᠷᠠᠬᠢ ᠺᠣᠳ᠋ ᠤᠩᠰᠢᠬᠤ ᠬᠦᠷᠢᠶ᠎ᠡ 1 ab ︵openreading frame 1 ab᠂ | ORF 1 ab︶ ᠪᠠ ᠪᠥᠭᠡᠮ ᠤᠨ ᠬᠠᠯᠢᠰᠤ ᠶᠢᠨ ᠤᠭᠤᠷᠠᠭ ︵nucleocapsidprotein᠂ N︶ ᠢ | ᠨᠡᠭᠡᠭᠡᠳᠡᠭ᠃ | ᠡᠩ ᠤᠨ ᠪᠠᠶᠢᠳᠠᠯ ᠳᠣᠣᠷ᠎ᠠ᠂ ᠠᠷᠭ᠎ᠠ ᠴᠢᠨᠠᠷᠲᠠᠢ ᠡᠪᠡᠳᠴᠢᠲᠡᠨ ᠤ ORF1 ab ᠪᠣᠯᠤᠨ N ᠭᠧᠨ ᠨᠢ | ᠵᠡᠷᠭᠡ ᠪᠠᠷ ᠠᠷᠭ᠎ᠠ ᠴᠢᠨᠠᠷ ᠲᠠᠢ ᠪᠠᠶᠢᠳᠠᠭ᠂ ᠭᠡᠪᠡᠴᠦ ᠪᠠᠰᠠ ORF1 ab ᠪᠤᠶᠤ N ᠭᠧᠨ ᠤ ᠬᠢᠨᠢ ᠠᠯᠢ | ᠨᠢᠭᠡ ᠳᠤᠨᠢ ᠠᠷᠭ᠎ᠠ ᠴᠢᠨᠠᠷ ᠢᠯᠡᠷᠡᠪᠡᠯ ᠳᠠᠩ ᠭᠧᠨ ᠨᠢ ᠠᠷᠭ᠎ᠠ ᠴᠢᠨᠠᠷ ᠲᠠᠢ ᠭᠡᠳᠡᠭ᠃ ᠳᠡᠭᠡᠷ᠎ᠡ ᠳᠤᠷᠠᠳᠤᠭᠰᠠᠨ ᠰᠢᠨ᠎ᠡ | ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠤ ᠲᠠᠩ ᠭᠧᠨ ᠨᠢ ᠠᠷᠭ᠎ᠠ ᠴᠢᠨᠠᠷ | ᠢᠯᠡᠷᠡᠭᠰᠡᠨ ᠡᠪᠡᠳᠴᠢᠳᠡᠨ ᠢᠶᠠᠷ ᠠᠪᠴᠤ ᠬᠡᠯᠡᠪᠡᠯ᠂ ᠮᠥᠨ ᠬᠦ ᠳᠠᠬᠢᠨᠲᠠ ᠥᠯᠢᠭᠡᠷ ᠠᠪᠴᠤ ᠴᠠᠭ ᠲᠤᠬᠠᠢ ᠳᠤᠨᠢ | ᠴᠡᠭᠡᠨ ᠬᠡᠷᠡᠯ ᠤᠨ RT - PCR ᠤᠨ ᠰᠢᠯᠭᠠᠨ ᠪᠠᠶᠢᠴᠠᠭᠠᠯᠲᠠ ᠬᠢᠵᠦ ᠠᠷᠭ᠎ᠠ ᠴᠢᠨᠠᠷ ᠲᠠᠢ ᠡᠰᠡᠬᠦ ᠶᠢ ᠮᠠᠭᠠᠳᠯᠠᠬᠤ | ᠬᠡᠷᠡᠭᠲᠡᠶ᠃ | |