ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢᠨ ᠬᠠᠮᠢᠶᠠᠷᠤᠯᠲᠠ ᠶᠢᠨ ᠠᠷᠭ᠎ᠠ ᠳᠤ ᠵᠠᠰᠠᠪᠤᠷᠢ ᠤᠷᠤᠭᠤᠯᠪᠠ᠄ ᠡᠲᠡᠭᠡᠷ ᠠᠭᠤᠯᠭ᠎ᠠ ᠶᠢ ᠰᠢᠨ᠎ᠡ ᠪᠠᠷ ᠨᠡᠮᠡᠵᠡᠢ
ᠨᠡᠶᠢᠲᠡᠯᠡᠭᠰᠡᠨ ᠴᠠᠭ᠄
2021/11/7
      ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 21 ᠤ ᠡᠳᠦᠷ ᠤᠨ ᠮᠡᠳᠡᠭᠡ ︵ᠰᠢᠤᠢ ᠫᠧᠩ ᠬᠠᠩ ᠴᠢᠦ ᠪᠢᠩ ᠴᠢᠩ︶ ᠵᠠᠯᠠᠭᠤᠴᠤᠳ ᠪᠠᠭᠠᠴᠤᠳ ᠤᠨ ᠦᠰᠦᠨ ᠪᠤᠶᠢᠵᠢᠯᠲᠠ ᠶᠢᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠵᠦ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠤᠷᠭᠠᠨ ᠬᠥᠮᠦᠵᠢᠯ ᠤᠨ ᠶᠠᠮᠤᠨ ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢᠨ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ ᠣᠷᠣᠭᠤᠯᠵᠤ᠂ ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢᠨ ᠬᠠᠮᠢᠶᠠᠷᠤᠯᠲᠠ ᠶᠢᠨ ᠠᠷᠭ᠎ᠠ ︵2021 ᠣᠨ ᠤ ᠬᠡᠪᠯᠡᠯ︶︾ ᠶᠢ ᠭᠠᠷᠭᠠᠪᠠ᠃      ᠠᠷᠭ᠎ᠠ ᠳᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠡᠷᠡᠭᠦᠯ ᠮᠡᠨᠳᠦ ᠶᠢᠨ ᠠᠰᠠᠭᠤᠳᠠᠯ ᠭᠠᠷᠤᠭᠰᠠᠨ ᠰᠤᠷᠤᠭᠴᠢᠳ ᠲᠤ ᠲᠠᠩᠰᠠ ᠡᠪᠬᠡᠮᠡᠯ ᠪᠠᠶᠢᠭᠤᠯᠵᠤ ᠥᠭᠬᠦ ᠶᠢᠨ ᠲᠠᠭᠠᠤ ᠡᠷᠬᠢᠵᠦ ᠦᠵᠡᠬᠦ ᠬᠡᠷᠡᠭᠲᠡᠶ᠃ ᠬᠦᠨᠳᠦ ᠶᠢᠨ ᠵᠢᠩ ᠨᠢ ᠬᠡᠲᠦᠷᠡᠬᠦ᠂ ᠮᠠᠷᠢᠶᠠᠯᠠᠬᠤ᠂ ᠰᠢᠮ᠎ᠡ ᠲᠡᠵᠢᠭᠡᠯ ᠳᠤᠲᠠᠭᠳᠠᠬᠤ᠂ ᠨᠢᠷᠤᠭᠤ ᠨᠢ ᠮᠤᠷᠦ᠋ᠢᠬᠤ᠂ ᠬᠠᠷᠠᠭ᠎ᠠ ᠨᠢ ᠮᠠᠭᠤᠳᠠᠬᠤ᠂ ᠰᠢᠳᠦ ᠨᠢ ᠬᠤᠷᠣᠬᠠᠶᠢᠲᠤᠬᠤ ᠵᠡᠷᠭᠡ ᠡᠷᠡᠭᠦᠯ ᠮᠡᠨᠳᠦ ᠶᠢᠨ ᠠᠰᠠᠭᠤᠳᠠᠯ ᠤᠨ ᠲᠣᠭᠤᠷᠢᠨ ᠳᠤ ᠭᠤᠤᠯᠳᠠᠯᠭ᠎ᠠ ᠲᠠᠢ ᠠᠵᠢᠯ ᠢᠶᠠᠨ ᠥᠷᠨᠢᠭᠦᠯᠦᠨ᠎ᠡ ᠭᠡᠵᠦ ᠲᠣᠳᠣᠷᠬᠠᠶ ᠳᠤᠷᠠᠳᠤᠨ ᠭᠠᠷᠭᠠᠪᠠ᠃      ᠵᠠᠰᠠᠪᠤᠷᠢ ᠣᠷᠣᠭᠤᠯᠬᠤ ᠠᠴᠠ ᠡᠮᠦᠨᠡᠬᠢ ᠲᠠᠢ ᠬᠠᠷᠢᠴᠠᠭᠤᠯᠪᠠᠯ᠂ ᠠᠷᠭ᠎ᠠ ᠨᠢ ᠣᠳᠣᠬᠢ ᠱᠠᠲᠤᠨ ᠤ ᠮᠠᠨ ᠤ ᠤᠯᠤᠰ ᠤᠨ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠦᠷᠭᠦᠯᠵᠢ ᠲᠣᠬᠢᠶᠠᠯᠳᠤᠳᠠᠭ ᠡᠷᠡᠭᠦᠯ ᠮᠡᠨᠳᠦ ᠶᠢᠨ ᠠᠰᠠᠭᠤᠳᠠᠯ ᠲᠠᠢ ᠤᠶᠠᠯᠳᠤᠭᠤᠯᠤᠨ᠂ ᠪᠡᠶ᠎ᠡ ᠶᠢᠨ ᠪᠠᠶᠢᠴᠠᠭᠠᠯᠲᠠ ᠶᠢᠨ ᠲᠥᠷᠥᠯ ᠵᠦᠢᠯ ᠳᠤ ᠵᠣᠬᠢᠰᠲᠠᠶ ᠲᠣᠬᠢᠷᠠᠭᠤᠯᠤᠯᠲᠠ ᠬᠢᠭᠰᠡᠨ ᠪᠥᠭᠡᠳ ᠪᠡᠶ᠎ᠡ ᠶᠢᠨ ᠪᠠᠶᠢᠴᠠᠭᠠᠯᠲᠠ ᠶᠢᠨ ᠲᠥᠷᠥᠯ ᠵᠦᠢᠯ ᠢ ᠦᠨᠳᠦᠰᠦᠨ ᠲᠥᠷᠥᠯ ᠵᠦᠢᠯ ᠪᠠ ᠰᠣᠩᠭᠤᠵᠤ ᠪᠣᠯᠬᠤ ᠲᠥᠷᠥᠯ ᠵᠦᠢᠯ ᠭᠡᠵᠦ ᠬᠤᠶᠠᠷ ᠬᠡᠰᠡᠭ ᠬᠤᠪᠢᠶᠠᠵᠠᠶ᠃ ᠦᠨᠳᠦᠰᠦᠨ ᠲᠥᠷᠥᠯ ᠵᠦᠢᠯ ᠳᠤ᠂ ᠪᠦᠰᠡᠯᠡᠭᠦᠷ ᠤᠨ ᠬᠡᠰᠡᠭ᠂ ᠥᠭᠡᠵᠡᠭ ᠤᠨ ᠬᠡᠰᠡᠭ᠂ ᠴᠢᠬᠢᠨ ᠰᠣᠨᠣᠷ᠂ ᠭᠠᠳᠠᠷ ᠴᠢᠬᠢᠨ ᠵᠠᠮ ᠪᠠ ᠴᠢᠬᠢᠨ ᠤ ᠬᠡᠩᠭᠡᠷᠭᠡᠨ ᠬᠠᠯᠢᠰᠤ᠂ ᠭᠦᠢᠯᠡᠰᠦᠨ ᠪᠤᠯᠴᠢᠷᠬᠠᠶ ᠵᠡᠷᠭᠡ ᠶᠢᠨ ᠪᠠᠶᠢᠴᠠᠭᠠᠯᠳᠠ ᠶᠢ ᠰᠢᠨ᠎ᠡ ᠪᠠᠷ ᠨᠡᠮᠡᠵᠠᠢ᠃      ᠡᠭᠦᠨ ᠠᠴᠠ ᠭᠠᠳᠠᠨ᠎ᠠ᠂ ᠨᠢᠳᠦᠨ ᠤ ᠰᠠᠯᠠᠭᠠᠨ ᠤ ᠪᠠᠶᠢᠴᠠᠭᠠᠯᠲᠠ ᠶᠢᠨ ᠠᠭᠤᠯᠭ᠎ᠠ ᠳᠤ ᠨᠢᠳᠦᠨ ᠤ ᠭᠠᠳᠠᠷ ᠪᠠᠶᠢᠳᠠᠯ᠂ ᠬᠤᠯᠠ ᠬᠠᠷᠠᠭ᠎ᠠ ᠪᠠ ᠬᠡᠷᠡᠯ ᠤᠨ ᠨᠤᠭᠤᠷᠠᠯᠲᠠ ᠶᠢᠨ ᠬᠡᠮᠵᠢᠶ᠎ᠡ ᠶᠢ ᠪᠠᠭᠳᠠᠭᠠᠪᠠ᠃ ᠰᠣᠩᠭᠤᠬᠤ ᠵᠦᠢᠯ ᠲᠦᠷᠦᠯ ᠳᠤ ᠨᠢᠳᠦᠨ ᠪᠠᠶᠢᠷᠢᠰᠢᠯ᠂ ᠥᠩᠭᠡᠨ ᠰᠡᠷᠡᠯ᠂ ᠭᠠᠳᠠᠷ ᠦᠷᠡᠵᠢᠯ ᠤᠨ ᠡᠷᠬᠡᠲᠡᠨ᠂ ᠰᠥᠰᠥᠨ ᠤ ᠤᠯᠠᠭᠠᠨ ᠡᠳ᠋ ᠵᠡᠷᠭᠡ ᠪᠠᠭᠳᠠᠭᠠᠵᠠᠢ᠃ ᠡᠭᠦᠨ ᠠᠴᠠ ᠭᠠᠳᠠᠨ᠎ᠠ᠂ ᠠᠷᠭ᠎ᠠ ᠳᠤ ᠪᠠᠰᠠ ᠶᠠᠰᠤ ᠴᠢᠨᠠᠷ ᠤᠨ ᠡᠵᠡᠮᠳᠡᠯ ᠬᠢᠭᠡᠳ ᠬᠠᠯᠳᠠᠪᠤᠷᠢᠯᠠᠯ ᠤᠨ ᠬᠠᠮᠢᠶᠠᠷᠤᠯᠲᠠ᠂ ᠮᠡᠳᠡᠭᠡ ᠵᠠᠩᠭᠢ ᠶᠢᠨ ᠬᠠᠮᠢᠶᠠᠷᠤᠯᠲᠠ ᠬᠢᠭᠡᠳ ᠠᠮᠤᠷ ᠲᠦᠪᠰᠢᠨ ᠵᠡᠷᠭᠡ ᠲᠠᠯ᠎ᠠ ᠶᠢᠨ ᠠᠭᠤᠯᠭ᠎ᠠ ᠶᠢ ᠨᠡᠮᠡᠪᠡ᠃ ᠵᠢᠯ ᠪᠦᠷᠢ ᠲᠣᠭᠲᠠᠮᠠᠯ ᠬᠤᠭᠤᠴᠠᠭ᠎ᠠ ᠲᠠᠢ ᠪᠠᠷ ᠰᠤᠷᠤᠭᠴᠢᠳ ᠤᠨ ᠡᠷᠡᠭᠦᠯ ᠮᠡᠨᠳᠦ ᠶᠢᠨ ᠪᠠᠶᠢᠴᠠᠭᠠᠯᠲᠠ ᠬᠢᠳᠡᠭ ᠪᠠᠶᠢᠭᠤᠯᠤᠮᠵᠢ ᠶᠢᠨ ᠪᠡᠶ᠎ᠡ ᠶᠢᠨ ᠪᠠᠶᠢᠴᠠᠭᠠᠯᠲᠠ ᠳᠤ ᠲᠤᠬᠠᠶ ᠶᠢᠨ ᠭᠠᠵᠠᠷ ᠲᠤᠨᠢ ᠰᠤᠭᠤᠴᠢᠨ ᠪᠠᠶᠢᠴᠠᠭᠠᠯᠲᠠ ᠬᠢᠵᠦ᠂ ᠶᠠᠰᠤ ᠴᠢᠨᠠᠷ ᠤᠨ ᠡᠵᠡᠮᠳᠡᠯ ᠢ ᠴᠢᠩᠭ᠎ᠠ ᠥᠷᠨᠢᠭᠦᠯᠬᠦ ᠬᠡᠷᠡᠭᠲᠡᠶ︔ ᠪᠡᠶ᠎ᠡ ᠶᠢᠨ ᠪᠠᠶᠢᠴᠠᠭᠠᠯᠲᠠ ᠶᠢᠨ ᠠᠵᠢᠯᠲᠠᠨ ᠤ ᠬᠢᠷᠢ ᠬᠡᠮ ᠪᠠ ᠪᠣᠯᠪᠠᠰᠤᠷᠠᠯ ᠰᠢᠯᠭᠠᠨ ᠬᠢᠨᠠᠯᠳᠡ ᠳᠤ ᠬᠢᠷᠢ ᠲᠡᠩᠴᠡᠭᠰᠡᠨ ᠲᠡᠮᠳᠡᠭᠯᠡᠯ ᠢ ᠬᠠᠷᠭᠤᠭᠤᠯᠵᠤ᠂ ᠪᠡᠶ᠎ᠡ ᠶᠢᠨ ᠪᠠᠶᠢᠴᠠᠭᠠᠯᠲᠠ ᠶᠢᠨ ᠠᠵᠢᠯᠲᠠᠨ ᠤ ᠡᠷᠡᠭᠦᠯ ᠮᠡᠨᠳᠦ ᠶᠢᠨ ᠪᠠᠶᠢᠳᠠᠯ ᠢ ᠪᠠᠶᠢᠴᠠᠭᠠᠵᠤ᠂ ᠰᠣᠯᠪᠢᠴᠠᠨ ᠬᠠᠯᠳᠠᠪᠤᠷᠢᠯᠠᠬᠤ ᠶᠢ ᠤᠷᠢᠳᠴᠢᠯᠠᠨ ᠰᠡᠷᠭᠡᠶᠢᠯᠡᠬᠦ ᠬᠡᠷᠡᠭᠳᠡᠢ ᠭᠡᠵᠦ ᠱᠠᠭᠠᠷᠳᠠᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1