ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ 14 ᠳ᠋ᠤᠭᠡᠷ ᠬᠤᠷᠠᠯ ᠵᠢᠴᠢ ᠰᠢᠶᠠᠨ ᠤ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 29 ᠳ᠋ᠤᠭᠡᠷ ᠬᠤᠷᠠᠯ᠂ ᠰᠢᠶᠠᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 11 ᠳ᠋ᠤᠭᠡᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/11/7
      11 ᠳ᠋ᠤᠭᠡᠷ ᠰᠠᠷ᠎ᠠ ᠶᠢᠨ 3 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ 14 ᠳ᠋ᠤᠭᠡᠷ ᠬᠤᠷᠠᠯ ᠵᠢᠴᠢ ᠰᠢᠶᠠᠨ ᠤ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 29 ᠳ᠋ᠤᠭᠡᠷ ᠬᠤᠷᠠᠯ᠂ ᠰᠢᠶᠠᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 11 ᠳ᠋ᠤᠭᠡᠷ ᠬᠤᠷᠠᠯ ᠬᠤᠷᠠᠯᠳᠤᠪᠠ᠃ ᠰᠢᠶᠠᠨ ᠤ ᠨᠠᠮ ᠤᠨ ᠬᠤᠷᠢᠶ᠎ᠠ ᠶᠢᠨ ᠱᠦᠵᠢ ᠯᠢ ᠴᠦᠨ ᠶᠠᠨ ᠬᠤᠷᠠᠯ ᠡᠷᠭᠢᠯᠡᠪᠡ᠃
     ᠬᠤᠷᠠᠯ ᠠᠴᠠ ᠰᠢ ᠶᠢᠨ ᠫᠢᠩ ᠶᠡᠷᠦᠩᠬᠡᠶ ᠱᠦᠵᠢ ᠶᠢᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠤᠴᠢᠨ ᠳᠥᠷᠪᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠰᠢ ᠶᠢᠨ ᠫᠢᠩ᠂ ᠯᠢ ᠵᠠᠨ ᠱᠦ ᠨᠥᠬᠦᠷ ᠤᠨ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯᠳᠤᠭᠠᠨ ᠳᠡᠭᠡᠷ᠎ᠡ ᠲᠠᠯᠪᠢᠭᠰᠠᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠲᠤᠮᠳᠠᠳᠦ ᠤᠯᠣᠰ ᠤᠨ ᠡᠪ ᠬᠠᠮᠳᠦ ᠨᠠᠮ ᠤᠨ ᠲᠥᠪ ᠬᠤᠷᠢᠶ᠎ᠠ ᠪᠣᠯᠤᠨ ᠲᠥᠷᠥ ᠶᠢᠨ ᠶᠠᠪᠤᠳᠠᠯ ᠤᠨ ᠬᠤᠷᠢᠶᠠᠨ ᠤ ︽ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠦᠬᠦ ᠲᠠᠯ᠎ᠠ ᠪᠠᠷ ᠲᠤᠤᠱᠯᠠᠭᠤᠯᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠣᠯᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ ᠠᠵᠢᠯ ᠢ ᠰᠠᠶᠢᠲᠤᠷ ᠬᠢᠬᠦ ᠲᠤᠬᠠᠶ ᠰᠠᠨᠠᠯ︾᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ︽ᠠᠵᠢᠯ ᠤᠨ ᠰᠣᠯᠢᠯᠴᠠᠭ᠎ᠠ︾ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ᠪᠦᠬᠦ ᠰᠢᠶᠠᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠷᠪᠠᠨ ᠲᠠᠪᠤᠳᠤᠭᠠᠷ᠂ ᠠᠷᠪᠠᠨ ᠵᠢᠷᠭᠤᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠰᠢᠶᠠᠨ ᠤ ᠠᠵᠤ ᠠᠬᠤᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠪᠣᠯᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠤᠨ ᠲᠤᠬᠠᠢ ᠵᠠᠷᠯᠠᠯ︾ ᠢ ᠤᠯᠠᠮᠵᠢᠯᠠᠨ ᠰᠤᠷᠤᠯᠴᠠᠵᠤ᠂ ᠮᠠᠨ ᠤ ᠰᠢᠶᠠᠨ ᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠪᠠ︔ ᠬᠤᠲᠠ ᠶᠢᠨ ᠨᠠᠮ ᠤᠨ ᠬᠤᠷᠢᠶ᠎ᠠ ᠶᠢᠨ ᠰᠢᠪᠠᠳᠠᠨ ᠪᠠᠶᠢᠴᠠᠭᠠᠬᠤ ᠲᠠᠰᠤᠭ ᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠬᠠᠮᠲᠤᠷᠠᠭᠰᠠᠨ ᠠᠯᠪᠠᠨ ᠭᠡᠷ ᠤᠨ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠭᠰᠡᠨ ᠪᠠᠶᠢᠳᠠᠯ ᠤᠨ ᠲᠤᠬᠠᠶ ᠰᠢᠪᠠᠳᠠᠨ ᠪᠠᠶᠢᠴᠠᠭᠠᠭᠰᠠᠨ ᠮᠡᠳᠡᠭᠦᠯᠦᠯᠲᠡ ︾ ᠶᠢ ᠤᠯᠠᠮᠵᠢᠯᠠᠵᠤ᠂ ᠪᠦᠬᠦ ᠰᠢᠶᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠬᠠᠮᠲᠤᠷᠠᠭᠰᠠᠨ ᠠᠯᠪᠠᠨ ᠭᠡᠷ ᠤᠨ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠭᠰᠡᠨ ᠠᠬᠢᠴᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭ᠎ᠠ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ ᠪᠦᠬᠦ ᠰᠢᠶᠠᠨ ᠤ ᠲᠦᠷᠦᠭᠦᠦ ᠭᠤᠷᠪᠠᠨ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠲᠣᠭᠲᠠᠬᠤ ᠰᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠪᠡ ︾ ᠭᠡᠬᠦ ᠰᠢᠶᠠᠨ ᠤ ᠱᠠᠲᠤᠨ ᠤ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠢ ᠨᠡᠶᠢᠲᠡᠯᠡᠵᠡᠢ᠃      ᠬᠤᠷᠠᠯ ᠠᠴᠠ᠂ ᠰᠢ ᠶᠢᠨ ᠫᠢᠩ ᠶᠡᠷᠦᠩᠬᠡᠢ ᠱᠦᠵᠢ ᠶᠢᠨ ᠲᠣᠭᠠᠴᠢᠯᠠᠭᠰᠠᠨ ᠠᠵᠤ ᠠᠬᠤᠢ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠠᠴᠢᠯᠠᠭᠰᠠᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠭᠤᠣᠯᠯᠠᠨ ᠠᠬᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠦᠨᠡᠨᠬᠦ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠡᠯ᠎ᠡ ᠱᠠᠲᠤᠨ ᠤ ᠨᠠᠮ ᠤᠨ  ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠤᠬᠠᠮᠰᠠᠷ ᠠᠴᠠ ᠪᠠᠨ ᠶᠡᠷᠦᠩᠬᠡᠢ ᠱᠦᠵᠢ ᠶᠢᠨ ᠶᠠᠷᠢᠶᠠᠨ ᠤ ᠵᠣᠷᠢᠭ ᠰᠠᠨᠠᠭ᠎ᠠ ᠪᠣᠯᠤᠨ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠮᠠᠨ ᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ ᠬᠢᠬᠦ ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠬᠤ ᠶᠢᠨ ᠬᠠᠮᠲᠤ ᠨᠠᠷᠢᠨ ᠬᠢᠨᠠᠮᠠᠭᠠᠢ ᠲᠥᠯᠥᠪᠵᠢᠭᠦᠯᠵᠦ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ  ᠃      ᠬᠤᠷᠠᠯ ᠠᠴᠠ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠤᠷᠬᠢᠯ ᠳᠤ ᠬᠦᠷᠬᠦ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ ᠠᠵᠢᠯ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠢᠭᠡᠳᠦᠯᠲᠡᠢ ᠲᠥᠯᠥᠪᠵᠢᠭᠦᠯᠵᠦ ᠭᠠᠷᠭᠠᠭᠰᠠᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠰᠢᠢᠳᠪᠦᠷᠢᠲᠦ ᠪᠤᠳᠤᠯᠭ᠎ᠠ ᠪᠣᠯᠤᠨ᠎ᠠ᠃ ᠣᠷᠣᠨ ᠤ ᠲᠥᠪ ᠨᠢ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠨᠡᠩ ᠥᠨᠳᠥᠷ ᠪᠠᠷᠢᠮᠵᠢᠶ᠎ᠠ ᠪᠠᠷ ᠬᠦᠬᠡ ᠣᠭᠲᠠᠷᠭᠤᠢ᠂ ᠴᠡᠩᠬᠡᠷ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠬᠦ ᠬᠡᠷᠡᠭᠲᠡᠢ︔ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠥᠬᠡᠶ ᠵᠠᠮᠨᠠᠵᠤ᠂ ︽ᠡᠨᠧᠷᠭᠢ ᠶᠢᠨ ᠬᠤᠷᠣᠭᠳᠠᠭᠤᠯᠤᠯ ᠤᠨ ᠬᠤᠤᠰ ᠡᠵᠡᠮᠳᠡᠯ︾ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠲᠥᠷᠥᠯ ᠵᠦᠢᠯ ᠤᠨ ᠡᠨᠧᠷᠭᠢ ᠶᠢᠨ ᠦᠨᠡᠯᠡᠯᠲᠡ᠂ ᠤᠰᠤᠨ ᠤ ᠦᠨᠡᠯᠡᠯᠲᠡ᠂ ᠣᠷᠴᠢᠨ ᠲᠣᠭᠤᠷᠢᠨ ᠤ ᠦᠨᠡᠯᠡᠯᠲᠡ᠂ ᠠᠮᠤᠷ ᠲᠦᠪᠰᠢᠨ ᠤ ᠦᠨᠡᠯᠡᠯᠲᠡ ᠶᠢᠨ ᠬᠢᠨᠠᠨ ᠪᠠᠶᠢᠴᠠᠭᠠᠯᠲᠠ ᠶᠢ ᠴᠢᠩᠳᠠᠯᠠᠵᠤ᠂ ᠠᠵᠤ ᠦᠢᠯᠡᠰ ᠤᠨ ᠬᠡᠯᠬᠢᠶ᠎ᠡ ᠶᠢᠨ ᠪᠣᠬᠢᠷᠲᠤᠯ ᠥᠬᠡᠶ ᠪᠣᠯᠭᠠᠬᠤ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ ᠭᠡᠵᠦ ᠴᠢᠬᠤᠯᠠᠴᠢᠯᠠᠪᠠ  ᠃      ᠬᠤᠷᠠᠯ ᠠᠴᠠ᠂ ᠪᠦᠬᠦ ᠰᠢᠶᠠᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠲᠤᠬᠠᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠨᠡᠩ ᠴᠢᠬᠤᠯᠠ ᠪᠠᠶᠢᠷᠢᠨ ᠳᠤ ᠲᠠᠯᠪᠢᠵᠤ᠂ ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠦᠯᠢᠭᠡᠷ ᠳᠠᠭᠤᠷᠢᠶᠠᠯ ᠣᠷᠣᠨ ᠢ ᠪᠦᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ᠃ ᠮᠠᠨ ᠤ ᠰᠢᠶᠠᠨ ᠤ ᠠᠯᠤᠰ ᠬᠡᠳᠦ ᠶᠢᠨ ᠬᠥᠭᠵᠢᠯᠲᠡ ᠳᠤ ᠬᠤᠯᠪᠣᠭᠳᠠᠬᠤ᠂ ᠵᠠᠬ᠎ᠠ ᠳᠡᠯᠭᠡᠭᠦᠷ ᠤᠨ ᠢᠷᠡᠭᠡᠳᠦᠶ ᠶᠢᠨ ᠲᠦᠰᠦᠪ ᠢᠶᠠᠷ ᠰᠠᠶᠢᠨ᠂ ᠪᠡᠯᠡ ᠣᠷᠣᠭᠤᠯᠤᠯᠲᠠ ᠶᠢᠨ ᠠᠴᠢ ᠬᠠᠷᠢᠭᠤᠯᠲᠠ ᠪᠠᠷ ᠥᠨᠳᠥᠷ᠂ ᠨᠥᠯᠥᠭᠡᠯᠡᠨ ᠳᠠᠶᠢᠴᠢᠯᠠᠬᠤ ᠬᠦᠴᠦᠨ ᠢᠶᠠᠷ ᠴᠢᠩᠭ᠎ᠠ ᠨᠢᠭᠡ ᠪᠦᠯᠦᠭ ᠲᠤᠮᠤ ᠵᠦᠢᠯᠡᠰ᠂ ᠰᠠᠶᠢᠨ ᠵᠦᠢᠯᠡᠰ ᠢ ᠦᠨᠡᠨ ᠬᠦ ᠲᠥᠯᠥᠪᠯᠡᠵᠦ ᠣᠷᠣᠭᠤᠯᠤᠨ ᠠᠪᠴᠢᠷᠠᠨ᠎ᠠ᠃ ᠺᠠᠳ᠋ᠷ ᠤᠨ ᠰᠤᠷᠲᠠᠯ ᠢ ᠦᠷᠭᠦᠯᠵᠢᠯᠡᠨ ᠰᠢᠯᠢᠳᠡᠭᠵᠢᠭᠦᠯᠵᠦ᠂ ᠦᠨᠡᠨᠬᠦ ᠰᠠᠶᠢᠨ ᠠᠵᠤ ᠠᠬᠤᠶᠢᠯᠠᠯ ᠤᠨ ᠦᠢᠯᠡᠴᠢᠯᠡᠭᠴᠢ᠂ ︽ᠳᠡᠯᠭᠡᠭᠦᠷ ᠤᠨ ᠦᠢᠯᠡᠴᠢᠯᠡᠭᠴᠢ︾ ᠪᠤᠯᠵᠤ᠂ ᠲᠦᠷᠦᠯ ᠵᠦᠢᠯ ᠢ ᠬᠢᠨᠠᠨ ᠵᠥᠪᠰᠢᠶᠡᠷᠡᠬᠦ᠂ ᠪᠦᠳᠦᠭᠡᠨ ᠪᠠᠶᠢᠭᠤᠯᠬᠤ᠂ ᠠᠵᠢᠯᠯᠠᠭᠤᠯᠬᠤ᠂ ᠲᠦᠷᠦ ᠶᠢᠨ ᠪᠤᠳᠤᠯᠭ᠎ᠠ ᠪᠠᠷ ᠳᠡᠮᠵᠢᠬᠦ ᠵᠡᠷᠭᠡ ᠲᠠᠯ᠎ᠠ ᠪᠠᠷ ᠪᠦᠬᠦ ᠶᠠᠪᠤᠴᠠ ᠳᠤ ︽ᠠᠰᠠᠷᠠᠭᠴᠢ ᠮᠠᠶ᠋ᠢᠭ︾ ᠤᠨ ᠦᠢᠯᠡᠴᠢᠯᠡᠭᠡ ᠬᠠᠩᠭᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠦᠨᠡᠨ ᠰᠡᠳᠬᠢᠯ ᠠᠴᠠ ᠪᠠᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ  ᠃      ᠬᠤᠷᠠᠯ ᠠᠴᠠ᠂ ᠪᠦᠬᠦ ᠰᠢᠶᠠᠨ ᠤ ᠡᠯ᠎ᠡ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠡᠨᠡ ᠵᠢᠯ ᠤᠨ ᠡᠯ᠎ᠡ ᠬᠦᠷᠢᠶᠡᠨ ᠤ ᠥᠭᠡᠷᠡᠴᠢᠯᠡᠯᠲᠡ ᠶᠢᠨ ᠡᠭᠦᠷᠭᠡ ᠶᠢ ᠪᠦᠬᠦ ᠲᠠᠯ᠎ᠠ ᠪᠠᠷ ᠰᠠᠶᠢᠲᠤᠷ ᠠᠳᠬᠤᠬᠤ ᠶᠢᠨ ᠬᠠᠮᠲᠤ᠂ ᠳᠡᠭᠡᠳᠦ ᠱᠠᠲᠤᠨ ᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ᠂ ᠦᠢᠯᠡᠳᠦᠯᠭᠡ ᠶᠢᠨ ᠬᠡᠷᠡᠭᠴᠡᠭᠡ ᠶᠢ ᠬᠠᠩᠭᠠᠬᠤ᠂ ᠦᠨᠳᠦᠰᠦᠨ ᠱᠠᠲᠤᠨ ᠤ ᠬᠦᠰᠡᠯ ᠡᠷᠡᠮᠡᠯᠵᠡᠯ ᠳᠤ ᠨᠡᠶᠢᠴᠡᠬᠦ ᠶᠢ ᠨᠢᠭᠡᠳᠬᠡᠵᠦ᠂ 2022 ᠣᠨ ᠤ ᠥᠭᠡᠷᠡᠴᠢᠯᠡᠯᠲᠡ ᠶᠢᠨ ᠠᠵᠢᠯ ᠢ ᠨᠠᠷᠢᠨ ᠬᠢᠨᠠᠮᠠᠭᠠᠢ ᠲᠥᠯᠥᠪᠵᠢᠭᠦᠯᠬᠦ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠮᠠᠨ ᠤ ᠰᠢᠶᠠᠨ ᠤ ᠲᠦᠷᠦᠭᠦᠦ ᠭᠤᠷᠪᠠᠨ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠵᠠᠳᠠᠯᠵᠤ᠂ ᠳᠥᠷᠪᠡᠳᠦᠭᠡᠷ ᠤᠯᠠᠷᠢᠯ ᠤᠨ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠵᠤ᠂ ᠬᠦᠴᠦᠲᠡᠢ ᠠᠷᠭ᠎ᠠ ᠬᠡᠮᠵᠢᠶ᠎ᠡ ᠠᠪᠴᠤ᠂ ᠪᠦᠬᠦ ᠬᠦᠴᠦᠨ ᠢᠶᠠᠷ ᠢᠶᠠᠨ ᠰᠢᠪᠲᠤᠯᠤᠯᠲᠠ ᠬᠢᠵᠦ᠂ ᠪᠦᠬᠦ ᠰᠢᠶᠠᠨ ᠤ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠣᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠠᠯ᠎ᠠ ᠪᠠᠷ ᠴᠢᠬᠤᠯᠠᠴᠢᠯᠠᠭᠰᠠᠨ ᠨᠢ᠂ ᠬᠢᠯᠪᠠᠷ ᠪᠤᠰᠤ ᠪᠠᠷ ᠣᠯᠤᠭᠰᠠᠨ ᠰᠡᠷᠭᠡᠶᠢᠯᠡᠨ ᠬᠢᠵᠠᠭᠠᠷᠯᠠᠬᠤ ᠦᠷ᠎ᠡ ᠪᠦᠲᠦᠭᠡᠯ ᠢ ᠪᠠᠲᠤ ᠰᠠᠬᠢᠵᠤ᠂ ︽ᠵᠢᠷᠭᠤᠭ᠎ᠠ ᠶᠢ ᠪᠠᠶᠢᠴᠠᠭᠠᠬᠤ︾ ᠡᠭᠦᠷᠭᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠥᠮᠦᠰ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠨ᠂ ᠠᠰᠠᠭᠤᠳᠠᠯ ᠭᠠᠷᠬᠤ ᠦᠭᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠲᠤᠰᠠᠭᠠᠷᠯᠠᠭᠰᠠᠨ ᠪᠠᠭᠤᠳᠠᠯ ᠤᠨ ᠬᠠᠮᠢᠶᠠᠷᠤᠯᠲᠠ ᠶᠢ ᠴᠢᠩᠭᠠᠳᠬᠠᠵᠤ᠂ ᠡᠮᠨᠡᠯᠭᠡ ᠶᠢᠨ ᠬᠤᠷᠢᠶᠠᠨ ᠤ ᠮᠡᠳᠡᠷᠡᠮᠵᠢ ᠶᠢ ᠰᠡᠷᠭᠡᠶᠢᠯᠡᠨ ᠡᠵᠡᠮᠳᠡᠬᠦ ᠠᠵᠢᠯ ᠢ ᠡᠷᠡᠰ ᠰᠠᠶᠢᠲᠤᠷ ᠠᠳᠬᠤᠬᠤ ᠬᠡᠷᠡᠭᠲᠡᠶ ᠭᠡᠪᠡ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃      ᠰᠢᠶᠠᠨ ᠤ ᠤᠳᠤᠷᠢᠳᠤᠯᠭ᠎ᠠ ᠭᠤᠤ ᠵᠧᠩ᠂ ᠰᠦᠨ ᠰᠢᠶᠦ᠋ᠨ᠂ ᠶᠦᠨ ᠷᠦᠢ ᠵᠢᠶᠦ᠋ᠨ᠂ ᠸᠠᠩ ᠮᠢᠩ ᠵᠢᠴᠢ ᠰᠢᠶᠠᠨ ᠤ ᠨᠠᠮ ᠤᠨ ᠬᠤᠷᠢᠶ᠎ᠠ ᠶᠢᠨ ᠡᠯ᠎ᠡ ᠪᠠᠶᠢᠩᠭᠤ ᠶᠢᠨ ᠭᠡᠰᠢᠭᠦᠨ᠂ ᠰᠢᠶᠠᠨ ᠭᠠᠵᠠᠷ ᠤᠨ ᠲᠡᠰ ᠤᠨ ᠬᠠᠮᠢᠶ᠎ᠠ ᠪᠦᠬᠦᠢ ᠤᠳᠤᠷᠢᠳᠤᠯᠭ᠎ᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1