ᠲᠣᠭᠲᠠᠬᠤ ᠰᠢᠶᠠᠨ ᠱᠠᠰᠢᠨ ᠰᠤᠷᠲᠠᠬᠤᠨ ᠤ ᠠᠵᠢᠯ ᠤᠨ ︽ᠭᠤᠷᠪᠠᠨ ᠡᠩᠨᠡᠭᠡ ᠵᠢᠴᠢ ᠨᠡᠶᠢᠭᠡᠮ ᠲᠣᠭᠤᠷᠢᠭ ᠤᠨ ᠠᠵᠢᠯᠲᠠᠨ᠂ ᠲᠤᠤᠷᠴᠢᠯᠠᠯ ᠤᠨ ᠠᠵᠢᠯᠲᠠᠨ︾ ᠤ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2021/12/1
      ᠣᠶᠢᠷ᠎ᠠ ᠳᠤ᠂ ᠮᠠᠨ ᠤ ᠰᠢᠶᠠᠨ ᠱᠠᠰᠢᠨ ᠰᠤᠷᠲᠠᠬᠤᠨ ᠤ ᠠᠵᠢᠯ ᠤᠨ ︽ᠭᠤᠷᠪᠠᠨ ᠡᠩᠨᠡᠭᠡ ᠵᠢᠴᠢ ᠨᠡᠶᠢᠭᠡᠮ ᠲᠣᠭᠤᠷᠢᠭ ᠤᠨ ᠠᠵᠢᠯᠲᠠᠨ᠂ ᠲᠤᠤᠷᠴᠢᠯᠠᠯ ᠤᠨ ᠠᠵᠢᠯᠲᠠᠨ︾ ᠤ ᠪᠣᠯᠪᠠᠰᠤᠷᠠᠯ ᠤᠨ ᠠᠩᠭᠢ ᠡᠷᠭᠢᠯᠡᠪᠡ᠃      ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢᠦ ᠹᠸᠢ᠂ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠱᠠᠰᠢᠨ ᠰᠤᠷᠲᠠᠬᠤᠨ ᠤ ᠠᠵᠢᠯ ᠤᠨ ᠺᠠᠳ᠋ᠷ᠂ ᠨᠡᠶᠢᠭᠡᠮ ᠲᠣᠭᠤᠷᠢᠭ ᠤᠨ ᠪᠦᠬᠦ ᠠᠵᠢᠯᠳᠠᠨ᠂ ᠲᠤᠤᠷᠴᠢᠯᠠᠯ ᠤᠨ ᠠᠵᠢᠯᠳᠠᠨ ᠨᠡᠶᠢᠳᠡ 260 ᠭᠠᠷᠤᠢ ᠬᠥᠮᠦᠨ ᠪᠣᠯᠪᠠᠰᠤᠷᠠᠯ ᠳᠤ ᠣᠷᠣᠯᠴᠠᠪᠠ᠃      ᠪᠣᠯᠪᠠᠰᠤᠷᠠᠯ ᠤᠨ ᠠᠩᠬᠢ ᠶᠢᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠱᠠᠰᠢᠨ ᠰᠤᠷᠲᠠᠬᠤᠨ ᠤ ᠶᠡᠷᠦᠩᠬᠡᠶᠢᠯᠡᠭᠰᠡᠨ ᠭᠠᠵᠠᠷ ᠤᠨ ᠳᠡᠳ᠋ ᠳᠠᠷᠤᠭ᠎ᠠ ᠱᠧᠨ ᠱᠦ ᠢᠦᠢ ᠶᠢ ᠤᠷᠢᠵᠤ ︽ᠱᠠᠰᠢᠨ ᠰᠤᠷᠲᠠᠬᠤᠨ ᠤ ᠠᠵᠢᠯ ᠤᠨ ᠲᠦᠷᠦ ᠶᠢᠨ ᠪᠤᠳᠤᠯᠭ᠎ᠠ ᠶᠢ ᠰᠤᠷᠤᠯᠴᠠᠨ ᠲᠤᠤᠱᠯᠠᠭᠤᠯᠵᠤ᠂ ᠦᠨᠳᠦᠰᠦᠨ ᠱᠠᠲᠤᠨ ᠤ ᠱᠠᠰᠢᠨ ᠰᠤᠷᠲᠠᠬᠤᠨ ᠤ ᠠᠵᠢᠯ ᠢ ᠰᠠᠶᠢᠲᠤᠷ ᠬᠢᠶ᠎ᠡ︾ ᠭᠡᠬᠦ ᠰᠡᠳᠦᠪ ᠢᠶᠠᠷ ᠲᠤᠰᠬᠠᠢ ᠰᠡᠳᠦᠪᠲᠦ ᠲᠠᠶᠢᠯᠤᠮᠵᠢ ᠬᠢᠯᠭᠡᠪᠡ᠃ ᠱᠧᠨ ᠱᠦ ᠢᠦᠶ ᠱᠠᠰᠢᠨ ᠰᠤᠷᠲᠠᠬᠤᠨ ᠤ ᠦᠨᠳᠦᠰᠦᠨ ᠪᠠᠶᠢᠳᠠᠯ᠂ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠱᠠᠰᠢᠨ ᠰᠤᠷᠲᠠᠬᠤᠨ ᠤ ᠣᠨᠣᠯ ᠤᠨ ᠲᠥᠷᠥ ᠶᠢᠨ ᠪᠣᠳᠣᠯᠭ᠎ᠠ᠂ ᠦᠨᠳᠦᠰᠦᠨ ᠱᠠᠲᠤᠨ ᠤ ᠱᠠᠰᠢᠨ ᠰᠤᠷᠲᠠᠬᠤᠨ ᠤ ᠠᠵᠢᠯ ᠢ ᠬᠡᠷᠬᠢᠨ ᠰᠠᠶᠢᠲᠤᠷ ᠬᠢᠬᠦ ᠠᠷᠭ᠎ᠠ ᠵᠡᠷᠭᠡ ᠭᠤᠷᠪᠠᠨ ᠲᠠᠯ᠎ᠠ ᠪᠠᠷ ᠭᠦᠨᠵᠡᠭᠡᠶ᠂ ᠨᠠᠷᠢᠯᠢᠭ᠂ ᠪᠥᠬᠦ ᠲᠠᠯ᠎ᠠ ᠪᠠᠷ ᠲᠠᠶᠢᠯᠤᠮᠵᠢ ᠬᠢᠵᠦ᠂ ᠱᠠᠰᠢᠨ ᠰᠤᠷᠲᠠᠬᠤᠨ ᠤ ᠠᠵᠢᠯ ᠤᠨ ᠡᠷᠬᠢᠮ ᠨᠠᠨᠳᠢᠨ ᠲᠤᠷᠰᠢᠯᠭ᠎ᠠ ᠶᠢ ᠠᠪᠴᠢᠷᠠᠨ᠂ ᠥᠷᠭᠡᠨ ᠣᠯᠠᠨ ᠰᠤᠷᠤᠭᠴᠢᠳ ᠢ ᠱᠠᠰᠢᠨ ᠰᠤᠷᠲᠠᠬᠤᠨ ᠤ ᠠᠵᠢᠯ ᠤᠨ ᠲᠤᠬᠠᠶ ᠨᠠᠩ ᠭᠦᠨᠵᠡᠭᠡᠶ ᠨᠠᠩ ᠰᠢᠨ᠎ᠡ ᠲᠠᠨᠢᠯᠲᠠ ᠲᠠᠢ ᠪᠣᠯᠭᠠᠵᠠᠶ᠃       ᠪᠤᠯᠪᠠᠰᠤᠷᠠᠭᠤᠯᠤᠯ ᠳᠤ ᠱᠠᠭᠠᠷᠳᠠᠭᠰᠠᠨ ᠨᠢ᠂ ᠥᠷᠭᠡᠨ ᠣᠯᠠᠨ ᠰᠤᠷᠤᠭᠴᠢᠳ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠱᠠᠰᠢᠨ ᠰᠤᠷᠲᠠᠬᠤᠨ ᠤ ᠠᠵᠢᠯ ᠤᠨ ᠪᠦᠬᠦ ᠲᠠᠯ᠎ᠠ ᠶᠢᠨ ᠠᠵᠢᠯ ᠳᠠᠬᠢ ᠣᠨᠴᠠᠭᠠᠶ ᠴᠢᠬᠤᠯᠠ ᠦᠢᠯᠡᠳᠦᠯ ᠤᠨ ᠲᠤᠬᠠᠶ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠱᠠᠰᠢᠨ ᠰᠤᠷᠲᠠᠬᠤᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠂ ᠱᠠᠰᠢᠨ ᠰᠤᠷᠲᠠᠬᠤᠨ ᠤ ᠠᠵᠢᠯ ᠤᠨ ᠲᠤᠬᠠᠶ ᠨᠠᠮ ᠤᠨ ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠱᠠᠰᠢᠨ ᠰᠤᠷᠲᠠᠬᠤᠨ ᠤ ᠲᠤᠰ ᠪᠡᠶ᠎ᠡ ᠶᠢᠨ ᠵᠢᠮ᠎ᠡ ᠶᠣᠰᠣ ᠶᠢ ᠣᠨᠣᠪᠴᠢᠲᠠᠶ ᠡᠵᠡᠮᠰᠢᠵᠦ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠬᠤ ᠴᠢᠳᠠᠪᠤᠷᠢ ᠪᠠᠨ ᠳᠡᠭᠡᠭᠰᠢᠯᠡᠭᠦᠯᠵᠦ᠂ ᠱᠠᠰᠢᠨ ᠰᠤᠷᠲᠠᠬᠤᠨ ᠤ ᠬᠦᠷᠢᠶᠡᠨ ᠳᠠᠬᠢ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠡ ᠭᠡᠵᠡᠢ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1