ᠲᠣᠭᠲᠠᠬᠤ ᠰᠢᠶᠠᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠭᠤᠴᠢᠨ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/1
      11 ᠳ᠋ᠤᠭᠡᠷ ᠰᠠᠷ᠎ᠠ ᠶᠢᠨ 30 ᠤ ᠡᠳᠦᠷ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠬᠤ ᠶᠢᠨ ᠬᠤᠷᠢᠶᠠᠨ ᠤ ᠡᠷᠭᠢᠯᠡᠭᠴᠢ ᠰᠦᠨ ᠰᠢᠶᠦ᠋ᠨ ᠰᠢᠶᠠᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠬᠤ ᠶᠢᠨ ᠬᠤᠷᠢᠶ᠎ᠠ ᠶᠢᠨ ᠭᠤᠴᠢᠨ ᠭᠤᠷᠪᠠᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃
     ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠬᠤᠷᠠᠯ ᠳᠤ ᠤᠷᠤᠯᠴᠠᠪᠠ᠃ ᠰᠢᠶᠠᠨ ᠤ ᠤᠳᠤᠷᠢᠳᠤᠯᠭ᠎ᠠ ᠲᠦᠮᠡᠨ᠂ ᠭᠤᠤ ᠬᠠᠨ᠂ ᠰᠢᠶᠠᠨ ᠤ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠬᠠᠷᠢᠭᠤᠴᠠᠯᠭᠠᠲᠠᠨ᠂ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠤᠪᠴᠢᠶ᠎ᠠ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠤᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠬᠠᠮᠠᠭᠠᠯᠠᠯ ᠤᠨ ᠵᠥᠪᠯᠡᠯ᠂ ᠬᠤᠳᠠ ᠪᠠᠯᠭᠠᠰᠤᠨ ᠤ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠶᠡᠭᠡ ᠠᠩᠬᠢ ᠶᠢᠨ ᠬᠠᠷᠢᠭᠤᠴᠠᠯᠭᠠᠲᠠᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠭᠡᠷ ᠪᠣᠯᠤᠨ ᠡᠯ᠎ᠡ ᠲᠤᠰᠬᠠᠢ ᠵᠥᠪᠯᠡᠯ ᠵᠢᠴᠢ ᠠᠵᠢᠯ ᠤᠨ ᠵᠥᠪᠯᠡᠯ ᠤᠨ ᠡᠷᠬᠢᠯᠡᠭᠴᠢ᠂ ᠳᠡᠳ᠋ ᠡᠷᠬᠢᠯᠡᠭᠴᠢ᠂ ᠡᠯ᠎ᠡ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠵᠢᠴᠢ ᠲᠣᠮᠢᠯᠠᠭᠳᠠᠭᠰᠠᠨ ᠬᠥᠮᠦᠰ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠯᠤᠰ ᠤᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠠᠵᠢᠯ ᠤᠨ ᠪᠠᠶᠢᠳᠠᠯ ᠤᠨ ᠲᠤᠬᠠᠢ ᠲᠤᠰᠬᠠᠢ ᠮᠡᠳᠡᠭᠦᠯᠦᠯᠲᠡ ︔ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠠᠵᠢᠯ ᠤᠨ ᠪᠠᠶᠢᠳᠠᠯ ᠤᠨ ᠰᠢᠶᠠᠨ ᠤ ᠬᠢᠨᠠᠨ ᠪᠠᠶᠢᠴᠠᠭᠠᠬᠤ ᠵᠥᠪᠯᠡᠯ ᠤᠨ ᠲᠤᠰᠬᠠᠶ ᠠᠵᠢᠯ ᠤᠨ ᠮᠡᠳᠡᠭᠦᠯᠦᠯᠲᠡ︔ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾ ᠤᠨ ᠬᠡᠷᠡᠭᠵᠢᠭᠦᠯᠦᠭᠳᠡᠵᠦ ᠪᠠᠶᠢᠭ᠎ᠠ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠤᠨᠤᠰᠪᠠ᠃ ᠵᠠᠮ ᠬᠠᠷᠢᠯᠴᠠᠭᠠᠨ ᠤ ᠲᠣᠪᠴᠢᠶ᠎ᠠ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠶᠢᠨ ᠲᠤᠰᠢᠶᠠᠯ ᠤᠨ ᠮᠡᠳᠡᠭᠦᠯᠦᠯᠲᠡ ᠶᠢ ᠰᠤᠨᠤᠰᠪᠠ᠃ ᠲᠥᠯᠥᠭᠡᠯᠡᠭᠴᠢᠳ ᠤᠨ ᠬᠢᠷᠢ ᠬᠡᠮ ᠤᠨ ᠬᠢᠨᠠᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠪᠠᠲᠤᠯᠠᠭᠰᠠᠨ ᠪᠥᠭᠡᠳ ᠮᠡᠳᠡᠭᠦᠯᠦᠯᠲᠡ ᠪᠠ ᠲᠤᠰᠢᠶᠠᠯ ᠤᠨ ᠮᠡᠳᠡᠭᠦᠯᠦᠯᠲᠡ ᠬᠢᠭᠰᠡᠨ ᠪᠠᠶᠢᠳᠠᠯ ᠳᠤ ᠬᠠᠨᠤᠮᠵᠢ ᠶᠢᠨ ᠬᠡᠮᠵᠢᠶ᠎ᠡ ᠶᠢᠨ ᠦᠨᠡᠯᠡᠯᠲᠡ ᠬᠢᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1