ᠭᠦ᠋ ᠴᠧᠩ ᠪᠠᠯᠭᠠᠰᠦ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/12
      12 ᠳ᠋ᠤᠭᠠᠷ ᠰᠠᠷ᠎ᠠ ᠶᠢᠨ 10 ᠤ ᠡᠳᠦᠷ᠂ ᠭᠦ᠋ ᠴᠧᠩ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠢᠯᠠᠯᠲᠠ ᠲᠠᠢ ᠪᠠᠷ ᠬᠤᠷᠠᠯᠳᠤᠵᠤ᠂ ᠪᠥᠬᠦ ᠪᠠᠯᠭᠠᠰᠤᠨ ᠤ ᠡᠯ᠎ᠡ ᠠᠵᠢᠯ ᠲᠥᠷᠥᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠰᠤᠯᠠ ᠣᠷᠣᠯᠴᠠᠭᠰᠠᠨ ᠲᠥᠯᠥᠭᠡᠯᠡᠭᠴᠢᠳ ᠲᠣᠰ ᠤᠳᠠᠭᠠᠨ ᠤ ᠬᠤᠷᠠᠯᠳᠤᠭᠠᠨ ᠳᠤ ᠤᠷᠤᠯᠴᠠᠪᠠ᠃ ᠲᠣᠰ ᠤᠳᠠᠭᠠᠨ ᠤ ᠶᠡᠭᠡ ᠬᠤᠷᠠᠯ ᠳᠤ ᠣᠷᠣᠯᠴᠠᠬᠤ ᠶᠣᠰᠣᠲᠠᠶ ᠲᠥᠯᠥᠭᠡᠯᠡᠭᠴᠢ 61 ᠬᠥᠮᠦᠨ᠂ ᠪᠣᠳᠠᠲᠠᠶ ᠣᠷᠣᠯᠴᠠᠭᠰᠠᠨ ᠲᠥᠯᠥᠭᠡᠯᠡᠭᠴᠢ 59 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠵᠢᠷᠤᠮ ᠳᠤ ᠨᠡᠶᠢᠴᠡᠨ᠎ᠡ᠃ ᠬᠤᠷᠠᠯ ᠠᠴᠠ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠶᠡᠭᠡ ᠬᠤᠷᠠᠯ ᠤᠨ ᠪᠦᠬᠦ ᠶᠠᠪᠤᠴᠠ ᠳᠤ ᠨᠠᠷᠢᠨ ᠨᠢᠭᠲᠠ ᠳᠤᠬᠢᠷᠠᠭᠤᠯᠤᠯᠳᠠ ᠪᠠ ᠪᠠᠶᠢᠷᠢᠯᠠᠭᠤᠯᠤᠯᠲᠠ ᠬᠢᠵᠦ ᠂ ᠬᠤᠷᠠᠯ ᠤᠨ ᠡᠯ᠎ᠡ ᠵᠦᠢᠯ ᠤᠨ ᠵᠥᠪᠯᠡᠬᠦ ᠵᠦᠢᠯ ᠢ ᠡᠮᠬᠢ ᠵᠢᠷᠤᠮ ᠲᠠᠢ ᠪᠡᠶᠡᠯᠡᠭᠦᠯᠬᠦ ᠶᠢ ᠪᠠᠲᠤᠯᠠᠵᠠᠢ᠃
  
     ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠹᠠᠨ ᠷᠦᠢ ᠫᠢᠩ᠂ ᠰᠢᠶᠠᠨ ᠤ ᠬᠤᠭᠤᠴᠠᠭ᠎ᠠ ᠰᠣᠯᠢᠬᠤ ᠠᠵᠢᠯ ᠤᠨ ᠰᠢᠪᠠᠳᠠᠨ ᠵᠢᠯᠣᠭᠤᠳᠬᠤ ᠳᠤᠭᠤᠶᠢᠯᠠᠩ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠭᠦ᠋ ᠴᠧᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠢᠶ ᠶᠠ ᠨᠠᠨ ᠨᠥᠬᠦᠷ ᠬᠤᠷᠠᠯ ᠢ ᠡᠷᠭᠢᠯᠡᠵᠡᠶ᠃
     ᠬᠤᠷᠠᠯ ᠠᠴᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠂ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠢᠯᠡᠳᠬᠡᠯ︾᠂ ︽ᠭᠦ᠋ ᠴᠧᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ 2021 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠢᠨᠵᠧᠨᠧᠷᠢᠩ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠪᠣᠯᠤᠨ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠢᠨᠵᠧᠨᠧᠷᠢᠩ ᠤᠨ ᠵᠢᠱᠢᠭᠳᠡᠭᠰᠡᠨ ᠲᠦᠷᠦᠯ ᠵᠦᠢᠯ ᠤᠨ ᠪᠦᠷᠢᠯᠳᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ︾ ᠶᠢ ᠰᠣᠨᠣᠰᠴᠤ᠂ ᠭᠦ᠋ ᠴᠧᠩ ᠪᠠᠯᠭᠠᠰᠤ ᠶᠢᠨ 2021 ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠣᠯᠤᠨ 2022 ᠣᠨ ᠤ ᠡᠳ᠋ ᠤᠨ ᠵᠠᠰᠠᠭ ᠤᠨ ᠲᠥᠰᠦᠪ ᠤᠨ ᠮᠡᠳᠡᠭᠦᠯᠦᠯᠲᠡ ︵ᠲᠥᠰᠦᠯ︶ ᠶᠢ ᠬᠢᠨᠠᠨ ᠪᠠᠶᠢᠴᠠᠭᠠᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠪᠣᠯᠤᠨ ᠪᠠᠯᠭᠠᠰᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠢᠨ᠎ᠡ ᠠᠶᠠᠨ ᠳᠤ ᠪᠦᠬᠦ ᠲᠠᠯ᠎ᠠ ᠪᠠᠷ ᠮᠣᠷᠳᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠳᠤ ᠬᠦᠷᠴᠦ᠂ ᠨᠡᠩ ᠲᠡᠭᠦᠰ ᠲᠡᠭᠦᠯᠳᠡᠷ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠴᠤᠴᠠᠯᠲᠠ ᠦᠭᠡᠢ ᠲᠡᠮᠡᠴᠡᠬᠦ ᠳᠦᠷᠰᠦ ᠪᠠᠶᠢᠳᠠᠯ ᠢᠶᠠᠷ ᠭᠦ᠋ ᠴᠧᠩ ᠪᠠᠯᠭᠠᠰᠤᠨ ᠤ ᠰᠠᠶᠢᠨ ᠰᠠᠶᠢᠬᠠᠨ ᠮᠠᠷᠭᠠᠰᠢ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ ᠭᠡᠪᠡ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1