ᠲᠣᠭᠲᠠᠬᠤ ᠰᠢᠶᠠᠨ ᠤ ᠠᠮᠢᠳᠤ ᠪᠣᠳᠠᠰ ᠤᠨ ᠢᠰᠬᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/12/12
      12 ᠳ᠋ᠤᠭᠠᠷ ᠰᠠᠷ᠎ᠠ ᠶᠢᠨ 10 ᠤ ᠡᠳᠦᠷ᠂ ᠮᠠᠨ ᠤ ᠰᠢᠶᠠᠨ ᠠᠮᠢᠳᠤ ᠪᠣᠳᠠᠰ ᠤᠨ ᠢᠰᠬᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠠᠮᠢᠳᠤ ᠪᠣᠳᠠᠰ ᠤᠨ ᠢᠰᠬᠡᠯᠲᠡ ᠶᠢᠨ ᠠᠵᠤ ᠠᠬᠤᠶᠢᠯᠠᠯ ᠤᠨ ᠲᠥᠯᠥᠭᠡᠯᠡᠭᠴᠢ ᠶᠢ ᠤᠷᠢᠵᠤ ᠨᠢᠭᠤᠷᠳᠠᠨ ᠰᠠᠨᠠᠯ ᠢᠶᠠᠨ ᠰᠣᠯᠢᠯᠴᠠᠭᠤᠯᠵᠤ᠂ ᠲᠣᠭᠲᠠᠬᠤ ᠰᠢᠶᠠᠨ ᠤ ᠠᠮᠢᠳᠤ ᠪᠣᠳᠠᠰ ᠤᠨ ᠢᠰᠬᠡᠯᠲᠡ ᠶᠢᠨ ᠠᠵᠤ ᠦᠢᠯᠡᠰ ᠤᠨ ᠦᠷᠭᠦᠯᠵᠢᠯᠡᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠬᠤ ᠰᠢᠨ᠎ᠡ ᠰᠡᠳᠬᠢᠴᠡ᠂ ᠰᠢᠨ᠎ᠡ ᠠᠷᠭ᠎ᠠ ᠬᠡᠮᠵᠢᠶ᠎ᠡ ᠶᠢ ᠬᠠᠮᠲᠤᠪᠠᠷ ᠵᠥᠪᠳᠡᠪᠡ᠃ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃
     ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠯᠢᠦ ᡁᠢ ᠴᠢᠶᠠᠩ ᠮᠠᠨ ᠤ ᠰᠢᠶᠠᠨ ᠤ ᠠᠮᠢᠳᠤ ᠪᠣᠳᠠᠰ ᠤᠨ ᠢᠰᠬᠡᠯᠲᠡ ᠶᠢᠨ ᠣᠷᠴᠢᠯ ᠠᠵᠤ ᠠᠬᠤᠶ ᠶᠢᠨ ᠠᠵᠤ ᠦᠢᠯᠡᠰ ᠤᠨ ᠬᠡᠯᠬᠢᠶ᠎ᠡ ᠶᠢ ᠪᠤᠶᠢᠵᠢᠭᠤᠯᠤᠨ ᠬᠥᠭᠵᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠠ᠃ ᠴᠠᠩ ᠱᠧᠩ ᠡᠮ ᠤᠨ ᠦᠢᠯᠡᠰ᠂ ᠶᠢᠨ ᠳ᠋ᠠ ᠸᠧᠢ ᠡᠮ ᠤᠨ ᠦᠢᠯᠡᠰ᠂ ᠶᠢᠨ ᠾᠧ ᠠᠮᠢᠳᠤ ᠪᠣᠳᠠᠰ ᠵᠡᠷᠭᠡ 9 ᠠᠮᠢᠳᠤ ᠪᠣᠳᠠᠰ ᠤᠨ ᠢᠰᠬᠡᠯᠲᠡ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠵᠤ ᠠᠬᠤᠶᠢᠯᠠᠯ ᠤᠨ ᠣᠳᠣᠬᠠᠨ ᠤ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ᠂ ᠢᠷᠡᠭᠡᠳᠦᠢ ᠶᠢᠨ ᠬᠥᠭᠵᠢᠯᠲᠡ ᠶᠢᠨ ᠲᠥᠯᠥᠪᠵᠢᠭᠦᠯᠭᠡ᠂ ᠵᠣᠬᠢᠴᠠᠭᠤᠯᠤᠨ ᠰᠢᠢᠳᠪᠦᠷᠢᠯᠡᠬᠦ ᠴᠢᠬᠤᠯᠠᠲᠠᠢ ᠬᠦᠴᠢᠷᠳᠡᠯ ᠪᠣᠯᠤᠨ ᠠᠰᠠᠭᠤᠳᠠᠯ ᠵᠡᠷᠭᠡ ᠶᠢᠨ ᠲᠣᠭᠤᠷᠢᠨ ᠳᠤ ᠢᠳᠡᠪᠬᠢᠲᠡᠢ ᠪᠠᠷ ᠶᠠᠷᠢᠶ᠎ᠠ ᠲᠠᠯᠪᠢᠵᠠᠢ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠤᠨ ᠲᠤᠰᠬᠠᠭᠰᠠᠨ ᠠᠰᠠᠭᠤᠳᠠᠯ ᠤᠨ ᠲᠤᠬᠠᠶ ᠲᠤᠬᠠᠶ ᠶᠢᠨ ᠲᠠᠯᠠᠪᠤᠷ ᠲᠤ ᠬᠠᠷᠢᠭᠤ ᠲᠤᠰᠬᠠᠪᠠ᠃      ᠯᠢ ᠴᠦᠨ ᠶᠠᠨ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠠᠮᠢᠳᠤ ᠪᠣᠳᠠᠰ ᠤᠨ ᠢᠰᠬᠡᠯᠲᠡ ᠶᠢᠨ ᠠᠵᠤ ᠦᠢᠯᠡᠰ ᠪᠣᠯ ᠲᠣᠭᠲᠠᠬᠤ ᠰᠢᠶᠠᠨ ᠤ ᠴᠢᠬᠤᠯᠠ ᠭᠤᠤᠯᠯᠠᠬᠤ ᠠᠵᠤ ᠦᠢᠯᠡᠰ ᠤᠨ ᠨᠢᠭᠡ ᠮᠥᠨ᠂ ᠭᠡᠪᠡᠴᠦ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠦᠢᠯᠡᠳᠭᠦᠨ ᠤ ᠰᠢᠨ᠎ᠡ ᠶᠢ ᠡᠭᠦᠳᠴᠦ ᠰᠤᠳᠤᠯᠤᠨ ᠨᠡᠭᠡᠭᠡᠬᠦ ᠵᠡᠷᠭᠡ ᠲᠠᠯ᠎ᠠ ᠪᠠᠷ ᠮᠥᠨ ᠴᠢᠨᠠᠷ ᠤᠨ ᠰᠢᠪᠲᠤᠯᠤᠯᠲᠠ ᠲᠠᠢ ᠪᠣᠯᠤᠭᠠᠳᠤᠶ᠂ ᠪᠦᠬᠦᠯᠢ ᠴᠣᠭᠴᠠ ᠶᠢᠨ ᠲᠠᠯ᠎ᠠ ᠪᠠᠷ ᠪᠠᠰᠠ ᠲᠦᠭᠦᠬᠡᠶ ᠮᠠᠲ᠋ᠧᠷᠢᠶᠠᠯ ᠤᠨ ᠡᠮ᠂ ᠬᠠᠭᠠᠰ ᠪᠦᠲᠦᠭᠡᠭᠳᠡᠬᠦᠨ ᠢ ᠪᠣᠯᠪᠠᠰᠤᠷᠠᠭᠤᠯᠬᠤ ᠱᠠᠲᠤᠨ ᠳᠤ ᠣᠷᠣᠰᠢᠵᠤ᠂ ᠠᠵᠤ ᠦᠢᠯᠡᠳᠪᠦᠷᠢ ᠶᠢᠨ ᠨᠡᠮᠡᠯᠲᠡ ᠥᠷᠲᠡᠭ ᠥᠨᠳᠥᠷ ᠪᠢᠰᠢ᠂ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠠᠴᠠ ᠵᠣᠬᠢᠬᠤ ᠵᠥᠷᠢᠶ᠎ᠡ ᠲᠠᠢ ᠪᠠᠶᠢᠨ᠎ᠠ᠃ ᠪᠦᠬᠦ ᠰᠢᠶᠠᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ᠂ ᠡᠯ᠎ᠡ ᠠᠮᠢᠳᠤ ᠪᠣᠳᠠᠰ ᠤᠨ ᠢᠰᠬᠡᠯᠲᠡ ᠶᠢᠨ ᠠᠵᠤ ᠠᠬᠤᠶᠢᠯᠠᠯ ᠤᠨ ᠬᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠬᠡᠷᠡᠭᠲᠡᠢ᠃ ᠲᠣᠭᠲᠠᠬᠤ ᠰᠢᠶᠠᠨ ᠤ ᠠᠮᠢᠳᠤ ᠪᠣᠳᠠᠰ ᠤᠨ ᠢᠰᠬᠡᠯᠲᠡ ᠶᠢᠨ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠯᠡᠯ︾ ᠳᠠᠬᠢ ︽ᠠᠮᠢᠳᠤ ᠪᠣᠳᠠᠰ ᠤᠨ ᠸᠠᠺᠼᠢᠨ ᠢᠶᠠᠷ ᠭᠤᠣᠯᠳᠠᠯᠭ᠎ᠠ ᠪᠣᠯᠭᠠᠭᠰᠠᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠪᠦᠯᠦᠭᠯᠡᠯ ᠢ ᠪᠤᠶᠢᠵᠢᠭᠤᠯᠵᠤ᠂ ᠠᠮᠢᠳᠤ ᠪᠣᠳᠠᠰ ᠤᠨ ᠸᠠᠺᠼᠢᠨ ᠤ ᠲᠡᠰ ᠳᠡᠪᠰᠢᠬᠦ ᠶᠢ ᠠᠬᠢᠭᠤᠯᠵᠤ᠂ ᠲᠦᠭᠦᠬᠡᠢ ᠮᠠᠲ᠋ᠧᠷᠢᠶᠠᠯ ᠤᠨ ᠡᠮ ᠤᠨ ᠠᠵᠤ ᠠᠬᠤᠶᠢᠯᠠᠯ ᠢ ᠪᠡᠯᠡᠨ ᠡᠮ ᠪᠣᠯᠤᠨ ᠨᠠᠶᠢᠷᠠᠯᠲᠠ ᠲᠡᠰᠢ ᠤᠷᠲᠤᠳᠬᠠᠬᠤ︾ ᠱᠠᠭᠠᠷᠳᠠᠯᠭ᠎ᠠ ᠪᠣᠯᠤᠨ ᠪᠤᠤ ᠭᠠᠩ ᠨᠦᠬᠦᠷ ᠤᠨ ᠲᠤᠭᠳᠠᠬᠤ ᠰᠢᠶᠠᠨ ᠤ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠣᠰᠣᠭᠠᠷ᠂ ᠣᠷᠣᠨ ᠤ ᠲᠥᠪ ᠤᠨ ᠳᠠᠶᠢᠴᠢᠯᠠᠯᠲᠠ ᠶᠢᠨ ᠳᠠᠪᠠᠭᠤᠯᠢᠭ᠂ ᠬᠠᠲᠤᠨ ᠭᠤᠣᠯ ᠳᠠᠭᠠᠤ ᠶᠢᠨ ᠣᠷᠣᠨ ᠪᠠᠶᠢᠷᠢ ᠶᠢᠨ ᠳᠠᠪᠠᠭᠤᠯᠢᠭ᠂ ᠠᠵᠤ ᠦᠢᠯᠡᠳᠪᠦᠷᠢ ᠶᠢᠨ ᠰᠠᠭᠤᠷᠢ ᠳᠠᠪᠠᠭᠤᠯᠢᠭ ᠲᠤ ᠭᠦᠢᠴᠡᠳ ᠲᠦᠰᠢᠭᠯᠡᠵᠦ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠶ ᠰᠠᠶᠢᠲᠤᠷ ᠵᠠᠮᠨᠠᠵᠤ᠂ ᠰᠢᠨ᠎ᠡ ᠶᠢ ᠡᠭᠦᠳᠬᠦ ᠬᠥᠭᠵᠢᠯᠲᠡ ᠶᠢᠨ ᠲᠠᠯ᠎ᠠ ᠪᠠᠷ ︽ᠰᠢᠪᠲᠤᠯᠤᠯᠲᠠ ᠭᠠᠷᠭᠠᠵᠤ︾᠂ ᠲᠦᠷᠦᠯ ᠵᠦᠢᠯ ᠤᠨ ᠲᠤᠯᠭᠠᠭᠤᠷᠢᠯᠠᠯ ᠤᠨ ᠲᠠᠯ᠎ᠠ ᠪᠠᠷ ︽ᠬᠦᠨᠳᠦ ᠠᠷᠭ᠎ᠠ ᠬᠡᠮᠵᠢᠶ᠎ᠡ︾ ᠭᠠᠷᠭᠠᠵᠤ᠂ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠲᠠᠯ᠎ᠠ ᠪᠠᠷ ︽ᠰᠢᠨ᠎ᠡ ᠵᠠᠮ ᠢ ᠡᠷᠢᠯᠬᠢᠯᠡᠵᠦ︾᠂ ᠬᠥᠭᠵᠢᠯᠲᠡ ᠶᠢᠨ ︽ᠠᠯᠲᠠᠨ ᠤ ᠠᠭᠤᠯᠤᠭᠳᠠᠴᠠ︾᠂ ︽ᠤᠶᠤᠨ ᠤ ᠠᠭᠤᠯᠤᠭᠳᠠᠴᠠ︾᠂ ︽ᠪᠤᠬᠢᠷᠳᠤᠯ ᠦᠭᠡᠢ ᠠᠭᠤᠯᠤᠭᠳᠠᠴᠠ︾᠂ ︽ᠰᠢᠨ᠎ᠡ ᠠᠭᠤᠯᠤᠭᠳᠠᠴᠠ︾ ᠶᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠠᠪᠤᠴᠠ ᠳᠤ ᠡᠭᠦᠷᠭᠡᠯᠡᠨ ᠠᠵᠢᠯᠯᠠᠵᠤ᠂ ᠲᠣᠭᠲᠠᠬᠤ ᠰᠢᠶᠠᠨ ᠤ ᠠᠮᠢᠳᠤ ᠪᠣᠳᠠᠰ ᠤᠨ ᠢᠰᠬᠡᠯᠲᠡ ᠶᠢᠨ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠰᠢᠨ᠎ᠡ ᠵᠠᠮ ᠢ ᠨᠡᠭᠡᠭᠡᠵᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠵᠠᠭᠪᠤᠷ ᠤᠨ ᠣᠷᠣᠨ ᠢ ᠪᠦᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ ᠭᠡᠪᠡ᠃      ᠯᠢ ᠴᠦᠨ ᠶᠠᠨ᠂ ᠡᠯ᠎ᠡ ᠠᠵᠤ ᠠᠬᠤᠶᠢᠯᠠᠯ ᠢᠲᠡᠭᠡᠯ ᠵᠣᠷᠢᠭ ᠢᠶᠠᠨ ᠪᠠᠲᠤᠳᠬᠠᠵᠤ᠂ ᠰᠢᠨ᠎ᠡ ᠶᠢ ᠡᠭᠦᠳᠦᠨ ᠵᠠᠮ ᠨᠡᠭᠡᠭᠡᠵᠦ᠂ ᠲᠣᠭᠲᠠᠬᠤ ᠰᠢᠶᠠᠨ ᠤ ᠣᠷᠣᠨ ᠪᠠᠶᠢᠷᠢ ᠶᠢᠨ ᠳᠠᠪᠠᠭᠤᠯᠢᠭ᠂ ᠠᠮᠢ ᠠᠬᠤᠢ ᠶᠢᠨ ᠣᠷᠴᠢᠨ ᠲᠣᠭᠤᠷᠢᠨ ᠤ ᠳᠠᠪᠠᠭᠤᠯᠢᠭ᠂ ᠲᠦᠷᠦ ᠶᠢᠨ ᠪᠤᠳᠤᠯᠭ᠎ᠠ ᠶᠢᠨ ᠳᠠᠪᠠᠭᠤᠯᠢᠭ ᠲᠤ ᠰᠠᠭᠤᠷᠢᠯᠠᠵᠤ᠂ ᠤᠨᠴᠠᠯᠢᠭᠳᠤ ᠭᠤᠣᠯᠯᠠᠭᠴᠢ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠪᠠᠷ ᠭᠤᠣᠯᠳᠠᠭᠤᠯᠵᠤ᠂ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠬᠤ ᠪᠠᠷ ᠬᠦᠴᠦᠯᠡᠵᠦ᠂ ︽ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ︾ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠢᠵᠢ ᠪᠦᠷᠢᠳᠦᠭᠦᠯᠬᠦ᠂ ᠪᠦᠯᠦᠭᠯᠡᠬᠦ ᠪᠠ ᠦᠷ᠎ᠡ ᠠᠰᠢᠭ ᠤᠯᠬᠤ ︽ᠭᠤᠷᠪᠠᠨ ᠫᠠᠶᠢᠰᠠ︾ ᠶᠢ ᠰᠠᠶᠢᠲᠤᠷ ᠡᠭᠦᠳᠴᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠬᠦ ᠬᠡᠷᠡᠭᠲᠡᠢ᠃ ᠡᠭᠦᠨ ᠤ ᠵᠡᠷᠭᠡᠪᠡᠷ᠂ ᠪᠣᠬᠢᠷᠲᠤᠯ ᠢ ᠰᠡᠷᠭᠡᠶᠢᠯᠡᠨ ᠵᠠᠰᠠᠬᠤ ᠶᠢ ᠤᠷᠳᠤ ᠬᠤᠭᠤᠴᠠᠭ᠎ᠠ ᠪᠠᠷ ᠠᠬᠢᠭᠤᠯᠵᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠬᠢᠨ ︽ᠠᠰᠠᠷᠠᠭᠴᠢ ᠮᠠᠶ᠋ᠢᠭ︾ ᠤᠨ ᠦᠢᠯᠡᠴᠢᠯᠡᠭᠡ ᠶᠢ ᠪᠥᠬᠦ ᠶᠠᠪᠤᠴᠠ ᠳᠤ ᠬᠠᠩᠭᠠᠵᠤ᠂  ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠭᠦᠢᠴᠡᠳ ᠬᠡᠷᠡᠭᠯᠡᠵᠦ᠂ ᠠᠮᠢᠳᠤᠯᠢᠭ ᠬᠡᠷᠡᠭᠯᠡᠨ᠂ ᠦᠢᠯᠡᠴᠢᠯᠡᠭᠡᠨ ᠤ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠵᠤ ᠠᠬᠤᠶᠢᠯᠠᠯ ᠢ ᠬᠠᠪᠰᠤᠷᠤᠨ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠳᠤ ᠬᠦᠴᠦᠨ ᠨᠡᠮᠡᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃      ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠭᠤᠤ ᠬᠠᠨ᠂ ᠠᠵᠤ  ᠦᠢᠯᠡᠳᠪᠦᠷᠢ ᠶᠢᠨ ᠬᠦᠷᠢᠶᠡᠯᠡᠩ ᠤᠨ ᠨᠠᠮ ᠤᠨ ᠠᠵᠢᠯᠯᠠᠬᠤ ᠵᠦᠪᠯᠡᠯ ᠤᠨ ᠱᠦᠵᠢ ᠭᠦᠸᠧ ᠬᠠᠶ ᠵᠢᠶᠦ᠋ᠨ᠂ ᠬᠤᠯᠪᠣᠭᠳᠠᠯ ᠪᠥᠬᠦᠶ ᠪᠠᠯᠭᠠᠰᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1