ᠪᠦᠬᠦ ᠰᠢᠶᠠᠨ ᠤ ᠬᠡᠷᠡᠭ ᠢᠶᠠᠷ ᠦᠭᠡᠷᠡᠴᠢᠯᠡᠯᠳᠡ ᠶᠢ ᠠᠬᠢᠭᠤᠯᠬᠤ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/12/14
      12 ᠳ᠋ᠤᠭᠠᠷ ᠰᠠᠷ᠎ᠠ ᠶᠢᠨ 13 ᠤ ᠡᠳᠦᠷ᠂ ᠪᠥᠬᠦ ᠰᠢᠶᠠᠨ ᠤ ᠬᠡᠷᠡᠭ ᠢᠶᠠᠷ ᠦᠭᠡᠷᠡᠴᠢᠯᠡᠯᠳᠡ ᠶᠢ ᠠᠬᠢᠭᠤᠯᠬᠤ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠵᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠭᠤᠤ ᠵᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠯᠢᠦ ᡁᠢ ᠴᠢᠶᠠᠩ ᠬᠤᠷᠠᠯ ᠡᠷᠭᠢᠯᠡᠵᠦ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠵᠠᠩ ᠵᠧᠨ ᠬᠠᠶ᠂ ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠠᠵᠢᠯᠯᠠᠬᠤ ᠵᠦᠪᠯᠡᠯ ᠤᠨ ᠱᠦᠵᠢ ᠭᠦᠸᠧ ᠬᠠᠶ ᠵᠢᠶᠦ᠋ᠨ᠂ ᠡᠷᠬᠢᠯᠡᠭᠴᠢ ᠰᠢᠶᠤᠤ ᠸᠠᠨ ᠸᠧᠶ᠂ ᠳᠡᠳ᠋ ᠡᠷᠬᠢᠯᠡᠭᠴᠢ ᠸᠠᠩ ᠶᠢᠩ ᠵᠢᠴᠢ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
     ᠬᠤᠷᠠᠯ ᠠᠴᠠ ︽ᠲᠣᠭᠲᠠᠬᠤ ᠰᠢᠶᠠᠨ ᠤ ᠠᠵᠤ ᠦᠢᠯᠡᠳᠪᠦᠷᠢ ᠶᠢᠨ ᠬᠦᠷᠢᠶᠡᠯᠡᠩ ᠤᠨ ᠲᠥᠰᠦᠯ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠲᠥᠰᠦᠯ︾ ᠢ ᠤᠩᠰᠢᠨ ᠨᠡᠶᠢᠲᠡᠯᠡᠭᠰᠡᠨ ᠪᠥᠭᠡᠳ ᠪᠣᠳᠠᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ ᠪᠣᠯᠤᠨ ᠬᠤᠳᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠨᠡᠭᠡᠭᠡᠨ ᠬᠥᠭᠵᠢᠭᠦᠯᠬᠦ ᠣᠷᠣᠨ ᠤ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ᠬᠡᠷᠡᠭ ᠢᠶᠠᠷ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠶᠢ ᠴᠢᠨᠠᠭᠰᠢᠳᠠ ᠭᠦᠨᠵᠡᠭᠡᠶᠢᠷᠡᠭᠦᠯᠵᠦ᠂ ᠴᠢᠩᠭ᠎ᠠ ᠬᠦᠴᠦᠲᠡᠢ ᠠᠷᠭ᠎ᠠ ᠪᠠᠷᠢᠯ ᠪᠣᠯᠤᠨ ᠬᠠᠲᠠᠭᠤ ᠴᠢᠩᠭ᠎ᠠ ᠠᠷᠭ᠎ᠠ ᠬᠡᠮᠵᠢᠶ᠎ᠡ ᠪᠠᠷ ᠨᠡᠭᠡᠭᠡᠨ ᠬᠥᠭᠵᠢᠭᠦᠯᠬᠦ ᠣᠷᠣᠨ ᠤ ᠵᠢᠷᠤᠮᠵᠢᠯ ᠲᠠᠢ ᠡᠮᠬᠢ ᠵᠢᠷᠤᠮ ᠲᠠᠢ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠶᠡᠭᠡ ᠤᠯᠤᠰ ᠲᠦᠷᠦ ᠶᠢᠨ ᠠᠴᠢ ᠬᠤᠯᠪᠣᠭᠳᠠᠯ ᠢ ᠭᠦᠢᠴᠡᠳ ᠲᠠᠨᠢᠵᠤ᠂ ᠦᠨᠡᠨᠬᠦ ᠴᠢᠬᠤᠯᠠᠴᠢᠯᠠᠵᠤ᠂ ᠳᠡᠭᠡᠳᠦ ᠬᠡᠮᠵᠢᠶ᠎ᠡ ᠪᠠᠷ ᠰᠡᠷᠡᠮᠵᠢᠯᠡᠵᠦ᠂ ᠤᠯᠤᠰ ᠲᠦᠷᠦ ᠶᠢᠨ ᠲᠠᠯ᠎ᠠ ᠠᠴᠠ ᠦᠵᠡᠬᠦ ᠶᠢ ᠪᠠᠷᠢᠮᠲᠠᠯᠠᠵᠤ᠂ ᠤᠯᠤᠰ ᠲᠦᠷᠦ ᠶᠢᠨ ᠲᠠᠯ᠎ᠠ ᠠᠴᠠ ᠡᠷᠡᠰ ᠰᠢᠢᠳᠪᠦᠷᠢᠯᠡᠵᠦ᠂ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ ᠤᠯᠤᠰ ᠲᠦᠷᠦ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠤᠯᠤᠰ ᠲᠦᠷᠦ ᠶᠢᠨ ᠪᠠᠷᠢᠮᠵᠢᠶ᠎ᠠ ᠶᠢ ᠴᠢᠩᠳᠠᠯᠠᠵᠤ᠂ ᠤᠯᠤᠰ ᠲᠦᠷᠦ ᠶᠢᠨ ᠬᠠᠷᠢᠭᠤᠴᠠᠯᠭ᠎ᠠ ᠶᠢ ᠢᠯᠡᠷᠡᠭᠦᠯᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ  ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠯᠪᠣᠭᠳᠠᠭᠰᠠᠨ ᠬᠢᠨᠠᠨ ᠵᠢᠯᠣᠭᠤᠳᠴᠤ ᠪᠠᠶᠢᠴᠠᠭᠠᠨ ᠰᠤᠳᠤᠯᠬᠤ᠂ ᠮᠠᠲ᠋ᠧᠷᠢᠶᠠᠯ ᠬᠠᠩᠭᠠᠬᠤ᠂ ᠰᠡᠳᠬᠢᠯ ᠤᠨ ᠦᠭᠡ ᠪᠠᠨ ᠶᠠᠷᠢᠯᠴᠠᠬᠤ ᠵᠡᠷᠭᠡ ᠤᠴᠢᠷ ᠶᠠᠪᠤᠳᠠᠯ ᠢ ᠡᠷᠬᠡᠪᠰᠢ ᠪᠦᠬᠦ ᠬᠦᠴᠦᠨ ᠢᠶᠠᠷ ᠢᠶᠠᠨ ᠳᠡᠮᠵᠢᠵᠦ ᠬᠠᠮᠵᠢᠯᠴᠠᠨ ᠥᠷᠨᠢᠭᠦᠯᠵᠦ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ᠂ ᠬᠠᠷᠢᠭᠤᠴᠠᠯᠭ᠎ᠠ ᠶᠢ ᠲᠦᠯᠬᠢᠬᠦ ᠦᠭᠡᠢ ᠪᠠᠶᠢᠬᠤ ᠬᠡᠷᠡᠭᠲᠡᠢ᠃ ᠠᠵᠤ ᠦᠢᠯᠡᠳᠪᠦᠷᠢ ᠶᠢᠨ ᠬᠦᠷᠢᠶᠡᠯᠡᠩ ᠨᠢ ᠡᠷᠬᠡᠪᠰᠢ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠵᠢᠯ ᠤᠨ ᠲᠥᠰᠦᠯ ᠤᠨ ᠱᠠᠭᠠᠷᠳᠠᠯᠭ᠎ᠠ ᠶᠣᠰᠣᠭᠠᠷ᠂ ᠵᠢᠭᠰᠠᠭᠠᠨ ᠪᠠᠶᠢᠴᠠᠭᠠᠬᠤ᠂ ᠴᠡᠭᠴᠡᠯᠡᠨ ᠰᠠᠶᠢᠵᠢᠷᠠᠭᠤᠯᠬᠤ᠂ ᠪᠠᠬᠢᠵᠢᠭᠦᠯᠬᠦ᠂ ᠳᠡᠭᠡᠭᠰᠢᠯᠡᠭᠦᠯᠬᠦ ᠵᠡᠷᠭᠡ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠢᠯᠡᠷᠡᠭᠦᠯᠦᠭᠰᠡᠨ ᠠᠰᠠᠭᠤᠳᠠᠯ ᠢ ᠪᠠᠶᠢᠴᠠᠭᠠᠬᠤ ᠶᠢᠨ ᠳᠠᠭᠠᠤ ᠰᠠᠶᠢᠵᠢᠷᠠᠭᠤᠯᠵᠤ᠂ ᠥᠭᠡᠷᠡᠴᠢᠯᠡᠬᠦ ᠶᠢᠨ ᠳᠠᠭᠠᠤ ᠪᠠᠬᠢᠵᠢᠭᠦᠯᠵᠦ᠂ ᠨᠢᠭᠡ ᠶᠢ ᠪᠡᠶᠡᠯᠡᠭᠦᠯᠪᠡᠯ ᠨᠢᠭᠡ ᠶᠢ ᠦᠭᠡᠶᠢᠰᠬᠡᠬᠦ ᠬᠡᠷᠡᠭᠲᠡᠶ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠳᠤᠭᠤᠶᠢᠯᠠᠩ ᠲᠥᠪ ᠴᠢᠩᠭ᠎ᠠ᠂ ᠨᠠᠷᠢᠨ ᠬᠢᠨᠠᠮᠠᠭᠠᠶ ᠪᠥᠭᠡᠳ ᠦᠨᠡᠨᠴᠢ ᠪᠠᠷ ᠬᠠᠨᠳᠤᠬᠤ ᠬᠡᠷᠡᠭᠲᠡᠶ᠂ ᠬᠡᠯᠪᠡᠷᠢ ᠶᠢᠨ ᠲᠡᠳᠦᠶ᠂ ᠶᠣᠰᠣᠨ ᠲᠡᠳᠦᠶ ᠥᠩᠭᠡᠷᠡᠭᠡᠵᠦ ᠶᠠᠭᠠᠬᠢᠭᠰᠠᠨ ᠴᠤ ᠪᠣᠯᠬᠤ ᠦᠭᠡᠶ᠂ ᠴᠡᠭᠴᠡᠯᠡᠨ ᠥᠭᠡᠷᠡᠴᠢᠯᠡᠬᠦ ᠠᠵᠢᠯ ᠤᠳᠠᠭᠠᠨ᠂ ᠴᠡᠭᠴᠡᠯᠡᠨ ᠥᠭᠡᠷᠡᠴᠢᠯᠡᠬᠦ ᠡᠷᠴᠢᠮ ᠪᠠᠭ᠎ᠠ᠂ ᠦᠷ᠎ᠡ ᠪᠦᠲᠦᠮᠵᠢ ᠪᠠᠷ ᠢᠯᠡᠷᠬᠡᠶ ᠪᠢᠰᠢ ᠪᠣᠯ ᠴᠠᠭ ᠲᠤᠬᠠᠶ ᠳᠤᠨᠢ ᠰᠢᠪᠠᠳᠠᠨ ᠰᠢᠢᠳᠪᠦᠷᠢᠯᠡᠭᠦᠯᠵᠦ᠂ ᠠᠬᠢᠴᠠ ᠶᠢ ᠲᠦᠷᠭᠡᠳᠬᠡᠬᠦ ᠬᠡᠷᠡᠭᠲᠡᠶ᠃ ᠴᠡᠭᠴᠡᠯᠡᠨ ᠥᠭᠡᠷᠡᠴᠢᠯᠡᠬᠦ ᠠᠵᠢᠯ ᠤᠨ ᠳᠤᠮᠳᠠ ᠲᠦᠷ ᠴᠠᠭ ᠤᠨ ᠰᠢᠪᠲᠤᠯᠤᠯᠲᠠ ᠬᠢᠵᠦ᠂ ᠬᠦᠨᠳᠦ ᠠᠴᠠ ᠵᠠᠶᠢᠯᠠᠵᠤ ᠬᠥᠩᠭᠡᠨ ᠢ ᠡᠷᠢᠬᠦ᠂ ᠡᠰᠡᠬᠦᠯ᠎ᠡ ᠰᠢᠯᠲᠠᠭᠯᠠᠨ ᠠᠷᠭᠠᠴᠠᠬᠤ᠂ ᠬᠤᠳᠠᠯ ᠬᠡᠯᠡᠵᠦ ᠬᠠᠭᠤᠷᠮᠠᠭ ᠢᠶᠠᠷ ᠦᠢᠯᠡᠳᠦᠭᠰᠡᠳ ᠢ ᠨᠢᠭᠡ ᠶᠢ ᠣᠯᠵᠤ ᠮᠡᠳᠡᠪᠡᠯ ᠡᠷᠬᠡᠪᠰᠢ ᠨᠢᠭᠡ ᠶᠢ ᠲᠥᠪ ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠵᠦ᠂ ᠶᠠᠭᠠᠬᠢᠭᠰᠠᠨ ᠴᠤ ᠢᠯᠳᠠᠷ ᠬᠠᠶᠠᠵᠤ ᠪᠣᠯᠬᠤ ᠦᠭᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠰᠠᠭᠤᠷᠢ ᠠᠵᠢᠯ ᠢ ᠯᠠᠪᠳᠠᠭᠤᠨ ᠪᠠᠲᠤᠲᠠᠢ ᠬᠢᠵᠦ᠂ ᠵᠠᠩᠭᠢᠯᠠᠭ᠎ᠠ ᠶᠢᠨ ᠭᠤᠭᠴᠤᠭ᠎ᠠ ᠶᠢ ᠰᠠᠶᠢᠲᠤᠷ ᠠᠳᠬᠤᠵᠤ᠂ ᠡᠯ᠎ᠡ ᠵᠦᠢᠯ ᠤᠨ ᠡᠭᠦᠷᠭᠡ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠨᠢᠭᠲᠠ ᠬᠠᠮᠵᠢᠯᠴᠠᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠨ᠂ ᠡᠭᠦᠷᠭᠡ ᠪᠠᠨ ᠨᠠᠶᠢᠳᠠᠪᠤᠷᠢᠵᠢᠭᠤᠯᠵᠤ᠂ ᠨᠡᠭᠡᠭᠡᠯᠲᠡ ᠶᠢᠨ ᠲᠣᠭᠤᠷᠢᠭ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠶᠠᠪᠤᠴᠠ ᠶᠢᠨ ᠪᠣᠳᠠᠲᠠᠶ ᠶᠢ ᠡᠷᠬᠢᠮᠯᠡᠬᠦ᠂ ᠦᠷ᠎ᠡ ᠪᠦᠲᠦᠮᠵᠢ ᠯᠠᠪᠳᠠᠭᠤᠨ ᠪᠠᠲᠤᠲᠠᠶ᠂ ᠦᠷ᠎ᠡ ᠳ᠋ᠦᠩ ᠦᠨᠡᠨ ᠪᠣᠳᠠᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1