ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠭᠤᠤ ᠵᠧᠩ ᠬᠡᠰᠡᠭ ᠭᠤᠤᠯᠳᠠᠯᠭ᠎ᠠ ᠲᠠᠢ ᠠᠵᠤ ᠠᠬᠤᠶᠢᠯᠠᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2021/12/14
      12 ᠳ᠋ᠤᠭᠠᠷ ᠰᠠᠷ᠎ᠠ ᠶᠢᠨ 13 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠭᠤᠤ ᠵᠧᠩ ᠨᠡᠷ ᠮᠠᠨ ᠤ ᠰᠢᠶᠠᠨ ᠤ ᠬᠡᠰᠡᠭ ᠭᠤᠤᠯᠳᠠᠯᠭ᠎ᠠ ᠲᠠᠢ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠴᠠᠩ ᠱᠧᠩ ᠡᠮ ᠦᠢᠯᠡᠳᠬᠦ ᠺᠣᠮᠫᠠᠨᠢ᠂ ᠱᠧᠩ ᠳ᠋ᠦᠸᠧ ᠯᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ᠂ ᠶᠢᠨ ᠾᠧ ᠠᠮᠢᠳᠤ ᠪᠣᠳᠠᠰ ᠤᠨ ᠺᠣᠮᠫᠠᠨᠢ ᠳᠤ ᠬᠦᠷᠴᠦ᠂ ᠰᠠᠨᠠᠭᠤᠯᠭ᠎ᠠ ᠶᠢ ᠰᠣᠨᠣᠰᠴᠤ᠂ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠬᠠᠮᠲᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠦᠷᠦ ᠶᠢᠨ ᠪᠤᠳᠤᠯᠭ᠎ᠠ ᠶᠢ ᠲᠠᠨᠢᠯᠴᠠᠭᠤᠯᠬᠤ ᠶᠢᠨ ᠬᠠᠮᠲᠤ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠮᠡᠷᠭᠡᠵᠢᠯ ᠤᠨ ᠥᠭᠡᠷᠡᠴᠢᠯᠡᠯᠲᠡ ᠬᠢᠬᠦ᠂ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢ ᠤᠷᠲᠤᠳᠬᠠᠬᠤ ᠵᠡᠷᠭᠡ ᠲᠠᠯ᠎ᠠ ᠪᠠᠷ ᠲᠤᠯᠭᠠᠷᠠᠭᠰᠠᠨ ᠠᠰᠠᠭᠤᠳᠠᠯ ᠳᠤ ᠰᠢᠢᠳᠪᠦᠷᠢᠯᠡᠬᠦ ᠠᠷᠭ᠎ᠠ ᠶᠢ ᠨᠢᠭᠤᠷᠳᠠᠨ ᠵᠥᠪᠳᠡᠯᠴᠡᠬᠦ ᠶᠢᠨ ᠬᠠᠮᠲᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠰᠡᠳᠬᠢᠴᠡ ᠰᠢᠨ᠎ᠡ ᠠᠷᠭ᠎ᠠ ᠬᠡᠮᠵᠢᠶ᠎ᠡ ᠶᠢ ᠰᠦᠪᠡᠭᠴᠢᠯᠡᠵᠡᠢ᠃
     ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠣᠳᠣᠬᠠᠨ ᠳᠤ ᠲᠤᠭᠳᠠᠬᠤ ᠰᠢᠶᠠᠨ ᠤ ᠬᠢᠨ ᠪᠦᠬᠦ ᠰᠢᠶᠠᠨ ᠤ ᠬᠦᠴᠦᠨ ᠢ ᠳᠠᠶᠢᠴᠢᠯᠠᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠥᠷᠨᠢᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠪᠠᠶᠢᠨ᠎ᠠ᠃ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠠᠴᠠ ︽ᠪᠦᠬᠦ ᠠᠷᠠᠳ ᠢ ᠳᠠᠶᠢᠴᠢᠯᠠᠨ ᠭᠦᠶᠦᠬᠦ ᠮᠠᠶᠢᠭ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠲᠥᠰᠦᠯ︾᠂ ︽ᠪᠦᠬᠦ ᠰᠢᠶᠠᠨ ᠤ ᠴᠢᠬᠤᠯᠠ ᠶᠡᠭᠡ ᠲᠦᠷᠦᠯ ᠵᠦᠢᠯ ᠤᠨ ᠪᠦᠬᠦ ᠶᠠᠪᠤᠴᠠ ᠶᠢᠨ ᠠᠰᠠᠷᠠᠭᠴᠢ ᠮᠠᠶᠢᠭ ᠤᠨ ᠲᠤᠰᠬᠠᠢ ᠲᠤᠰᠢᠶᠠᠯᠲᠠᠨ ᠤ ᠦᠢᠯᠡᠴᠢᠯᠡᠭᠡᠨ ᠤ ᠲᠣᠭᠲᠠᠴᠠ︾ ᠶᠢ ᠨᠡᠶᠢᠲᠡᠯᠡᠵᠦ᠂ ᠠᠵᠤ ᠠᠬᠤᠶᠢᠯᠠᠯ ᠲᠠᠢ ᠵᠡᠷᠭᠡᠪᠡᠷ ᠤᠷᠤᠭᠰᠢᠯᠠᠵᠤ᠂ ᠠᠵᠤ ᠠᠬᠤᠶᠢᠯᠠᠯ ᠳᠤ ᠨᠡᠩ ᠪᠦᠷᠢᠨ ᠲᠡᠭᠦᠯᠳᠡᠷ ᠦᠢᠯᠡᠴᠢᠯᠡᠭᠡᠨ ᠤ ᠲᠤᠯᠭᠠᠭᠤᠷᠢᠯᠠᠯ᠂ ᠨᠡᠩ ᠰᠢᠯᠢᠳᠡᠭ ᠬᠥᠭᠵᠢᠯᠲᠡ ᠶᠢᠨ ᠣᠷᠴᠢᠨ ᠲᠣᠭᠤᠷᠢᠨ᠂ ᠨᠡᠩ ᠣᠨᠣᠪᠴᠢᠲᠠᠢ ᠦᠢᠯᠡᠴᠢᠯᠡᠭᠡᠨ ᠤ ᠲᠠᠪᠴᠠᠩ ᠬᠠᠩᠭᠠᠵᠤ᠂ ᠠᠵᠤ ᠠᠬᠤᠶᠢᠯᠠᠯ ᠤᠨ ᠨᠡᠩ ᠶᠡᠭᠡ ᠨᠡᠩ ᠰᠠᠶᠢᠨ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠪᠡ᠃ ᠠᠵᠤ ᠠᠬᠤᠶᠢᠯᠠᠯᠲᠠᠳ ᠤᠨ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠡᠯ᠎ᠡ ᠵᠦᠢᠯ ᠤᠨ ᠡᠬᠢ ᠪᠠᠶᠠᠯᠢᠭ ᠪᠠ ᠲᠥᠷᠥ ᠶᠢᠨ ᠪᠣᠳᠣᠯᠭ᠎ᠠ ᠶᠢ ᠰᠠᠶᠢᠲᠤᠷ ᠠᠰᠢᠭᠯᠠᠵᠤ᠂ ᠠᠵᠤ ᠠᠬᠤᠶᠢᠯᠠᠯ ᠤᠨ ᠲᠣᠰ ᠪᠡᠶ᠎ᠡ ᠶᠢᠨ ᠠᠵᠤ ᠦᠢᠯᠡᠰ ᠤᠨ ᠪᠠᠶᠢᠷᠢ ᠲᠣᠭᠲᠠᠭᠠᠯᠲᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠮᠡᠷᠭᠡᠵᠢᠯ ᠤᠨ ᠥᠭᠡᠷᠡᠴᠢᠯᠡᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠯᠲᠡ᠂ ᠭᠠᠳᠠᠭᠠᠳᠤ ᠲᠠᠢ ᠬᠠᠮᠲᠤᠷᠠᠯᠴᠠᠬᠤ ᠪᠠᠷ ᠳᠠᠮᠵᠢᠭᠤᠯᠤᠨ ᠬᠡᠯᠪᠡᠷᠢ ᠪᠠᠨ ᠬᠤᠪᠢᠷᠠᠭᠤᠯᠤᠨ ᠳᠡᠭᠡᠭᠰᠢᠯᠡᠭᠦᠯᠬᠦ ᠶᠢ ᠪᠡᠶᠡᠯᠡᠭᠦᠯᠵᠦ᠂ ᠪᠠᠯᠠ ᠣᠷᠣᠭᠤᠯᠤᠯᠲᠠ ᠶᠢ ᠤᠯᠠᠮ ᠨᠢᠭᠡ ᠠᠯᠬᠤᠮ ᠥᠷᠭᠡᠳᠬᠡᠨ᠂ ᠶᠡᠭᠡ ᠬᠡᠪᠴᠢᠶᠡᠨ ᠤ᠂ ᠰᠢᠯᠭᠠᠷᠠᠭᠰᠠᠨ ᠦᠢᠯᠡᠳᠭᠦᠨ᠂ ᠴᠢᠨᠠᠷ ᠰᠠᠶᠢᠲᠠᠶ  ᠦᠢᠯᠡᠴᠢᠯᠡᠭᠡ ᠳᠤ ᠲᠦᠰᠢᠭᠯᠡᠨ ᠵᠠᠬ᠎ᠠ ᠳᠡᠯᠭᠡᠭᠦᠷ ᠢ ᠡᠵᠡᠯᠡᠵᠦ᠂ ᠠᠵᠤ ᠠᠬᠤᠶᠢᠯᠠᠯ ᠤᠨ ᠬᠤᠷᠴᠠ ᠰᠢᠷᠦᠭᠦᠨ ᠥᠷᠢᠰᠥᠯᠳᠦᠭᠡᠨ ᠤ ᠳᠤᠮᠳᠠ ᠬᠥᠭᠵᠢᠨ ᠪᠤᠵᠠᠭᠠᠶᠢᠷᠠᠬᠤ ᠶᠢ ᠦᠨᠡᠨ ᠬᠦ ᠪᠠᠲᠤᠯᠠᠵᠤ᠂ ᠪᠥᠬᠦ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠪᠡ᠃
     ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠢᠶᠤᠤ ᠸᠧᠨ ᠸᠧᠢ᠂ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠰᠢᠨᠵᠢᠯᠡᠬᠦ ᠤᠬᠠᠭᠠᠨ ᠤ ᠲᠤᠪᠴᠢᠶ᠎ᠠ᠂ ᠪᠡᠯᠡ ᠣᠷᠣᠭᠤᠯᠤᠯᠲᠠ ᠶᠢ ᠠᠬᠢᠭᠤᠯᠬᠤ ᠲᠥᠪ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1