ᠲᠣᠭᠲᠠᠬᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠤᠨ ᠲᠦᠪᠯᠡᠷᠡᠭᠦᠯᠦᠨ ᠰᠢᠨᠵᠢᠯᠡᠨ ᠪᠠᠶᠢᠴᠠᠭᠠᠯᠳᠠ ᠬᠢᠪᠡ
ᠨᠡᠶᠢᠲᠡᠯᠡᠭᠰᠡᠨ ᠴᠠᠭ᠄
2021/12/14
      12 ᠳ᠋ᠤᠭᠠᠷ ᠰᠠᠷ᠎ᠠ ᠶᠢᠨ 10 ᠤ ᠡᠳᠦᠷ᠂ ᠲᠣᠭᠲᠠᠬᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ 2021 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠪᠣᠯᠤᠨ ᠲᠥᠯᠥᠭᠡᠯᠡᠭᠴᠢᠳ ᠤᠨ ᠰᠠᠨᠠᠭᠤᠯᠭ᠎ᠠ ᠶᠢ ᠪᠡᠶᠡᠯᠡᠭᠦᠯᠦᠭᠰᠡᠨ ᠪᠠᠶᠢᠳᠠᠯ ᠤᠨ ᠲᠤᠬᠠᠢ ᠲᠥᠪᠯᠡᠷᠡᠭᠦᠯᠦᠨ ᠰᠢᠨᠵᠢᠯᠡᠨ ᠪᠠᠶᠢᠴᠠᠭᠠᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠹᠠᠨ ᠷᠦᠢ ᠫᠢᠩ᠂ ᠳᠡᠳ᠋ ᠡᠷᠬᠢᠯᠡᠭᠴᠢ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠯᠢ ᠸᠧᠨ ᠰᠢᠤ᠂ ᠡᠯ᠎ᠡ ᠵᠥᠪᠯᠡᠯ ᠤᠨ ᠠᠯᠪᠠᠨ ᠭᠡᠷ ᠤᠨ ᠡᠷᠬᠢᠯᠡᠭᠴᠢ ᠪᠣᠯᠤᠨ ᠬᠡᠰᠡᠭ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠰᠢᠨᠵᠢᠯᠡᠨ ᠪᠠᠶᠢᠴᠠᠭᠠᠬᠤ ᠳᠤ ᠣᠷᠣᠯᠴᠠᠪᠠ᠃
     ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ 2021 ᠣᠨ ᠤ ᠮᠠᠨ ᠤ ᠰᠢᠶᠠᠨ ᠤ ᠠᠷᠠᠳ ᠤᠨ ᠠᠮᠢᠳᠤᠷᠠᠯ ᠢ ᠬᠡᠷᠡᠭᠵᠢᠭᠦᠯᠬᠦ ᠲᠦᠷᠦᠯ ᠵᠦᠢᠯ ᠳᠠᠬᠢ ᠰᠢᠨ᠎ᠡ ᠪᠠᠷ ᠪᠠᠶᠢᠭᠤᠯᠤᠭᠰᠠᠨ ᠭᠤᠷᠪᠠᠳᠤᠭᠠᠷ ᠬᠡᠦᠬᠡᠳ ᠤᠨ ᠴᠡᠴᠡᠷᠯᠢᠭ ᠤᠨ ᠲᠦᠷᠦᠯ ᠵᠦᠢᠯ᠂ ᠱᠤᠸᠠᠩ ᠡᡁᠧ ᠪᠠᠯᠭᠠᠰᠤᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠨᠢᠭᠡᠳᠦᠭᠡᠷ ᠬᠤᠭᠤᠴᠠᠭᠠᠨ ᠤ ᠲᠦᠷᠦᠯ ᠵᠦᠢᠯ᠂ ᠬᠤᠲᠠ ᠶᠢᠨ ᠲᠣᠭᠤᠷᠢᠭ ᠤᠨ ᠭᠤᠳᠤᠮᠵᠢ ᠶᠢᠨ ᠵᠠᠮ ᠢ ᠬᠠᠲᠠᠭᠤᠷᠠᠭᠤᠯᠬᠤ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠢ ᠪᠠᠶᠢᠴᠠᠭᠠᠨ ᠦᠵᠡᠵᠦ᠂ ᠲᠥᠯᠥᠭᠡᠯᠡᠭᠴᠢᠳ ᠤᠨ ᠰᠠᠨᠠᠭᠤᠯᠭ᠎ᠠ ᠪᠠᠷ ᠪᠸᠢ ᠭᠦᠸᠧ ᠰᠢᠶᠠᠨ ᠶᠢᠩ ᠲᠣᠰᠬᠤᠨ ᠤ ᠬᠠᠲᠠᠭᠤᠷᠠᠭᠤᠯᠬᠤ ᠵᠠᠮ ᠢ ᠵᠠᠰᠠᠭᠰᠠᠨ ᠪᠠ ᠰᠠᠩᠴᠢᠨ ᠲᠤᠰᠬᠤᠨ ᠤ ᠤᠰᠤᠨ ᠦᠷᠲᠡᠭᠡ ᠶᠢ ᠰᠡᠯᠪᠢᠨ ᠵᠠᠰᠠᠭᠰᠠᠨ ᠪᠠᠶᠢᠳᠠᠯ ᠵᠡᠷᠭᠡ ᠶᠢ ᠪᠠᠶᠢᠴᠠᠭᠠᠨ ᠦᠵᠡᠪᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠯᠪᠣᠭᠳᠠᠯ ᠪᠦᠬᠦᠢ ᠪᠠᠶᠢᠳᠠᠯ ᠤᠨ ᠲᠤᠬᠠᠶ ᠲᠣᠳᠣᠷᠬᠠᠶᠢᠯᠠᠯᠲᠠ ᠬᠢᠭᠰᠡᠨ ᠪᠥᠭᠡᠳ ᠪᠠᠶᠢᠴᠠᠭᠠᠨ ᠦᠵᠡᠬᠦ ᠳᠤᠭᠤᠶᠢᠯᠠᠩ ᠤᠨ ᠪᠦᠷᠢᠯᠳᠦᠬᠦᠨ ᠲᠠᠢ ᠲᠤᠬᠠᠶ ᠶᠢᠨ ᠲᠠᠯᠠᠪᠤᠷ ᠲᠤ ᠶᠠᠷᠢᠯᠴᠠᠨ ᠰᠣᠯᠢᠯᠴᠠᠪᠠ᠃ ᠪᠠᠶᠢᠴᠠᠭᠠᠨ ᠦᠵᠡᠬᠦ ᠪᠠᠷ ᠲᠠᠮᠵᠢᠨ᠂ ᠲᠥᠯᠥᠭᠡᠯᠡᠭᠴᠢᠳ ᠠᠷᠠᠳ ᠤᠯᠠᠨ ᠤ ᠠᠩᠬᠠᠷᠤᠯ ᠲᠠᠯᠪᠢᠵᠤ ᠪᠠᠶᠢᠭ᠎ᠠ ᠬᠠᠯᠠᠭᠤᠨ ᠴᠢᠭ ᠤᠨ ᠠᠰᠠᠭᠤᠳᠠᠯ ᠪᠠ ᠬᠦᠴᠢᠷ ᠠᠰᠠᠭᠤᠳᠠᠯ ᠢ ᠨᠠᠷᠢᠨ ᠣᠶᠢᠯᠠᠭᠠᠪᠠ᠃
     ᠰᠢᠨᠵᠢᠯᠡᠨ ᠪᠠᠶᠢᠴᠠᠭᠠᠬᠤ ᠳᠤᠭᠤᠶᠢᠯᠠᠩ ᠠᠴᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ᠂ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠵᠡᠷᠭᠡ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠥᠷᠭᠡᠨ ᠢᠶᠠᠷ ᠴᠤᠭᠯᠠᠭᠤᠯᠵᠤ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ᠂ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠲᠤᠰᠬᠠᠵᠤ᠂ ᠤᠯᠠᠨ ᠲᠦᠮᠡᠨ ᠲᠠᠢ ᠨᠢᠭᠲᠠ ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
     ᠰᠢᠨᠵᠢᠯᠡᠨ ᠪᠠᠶᠢᠴᠠᠭᠠᠬᠤ ᠳᠤᠭᠤᠶᠢᠯᠠᠩ ᠠᠴᠠ ᠱᠠᠭᠠᠷᠳᠠᠭᠰᠠᠨ ᠨᠢ᠂ ᠲᠥᠯᠥᠭᠡᠯᠡᠭᠴᠢᠳ ᠥᠪᠡᠷ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠥᠷᠨᠢᠭᠦᠯᠵᠦ᠂ ᠳᠦᠭᠦᠷᠡᠩ ᠵᠣᠷᠢᠭ ᠰᠠᠨᠠᠭ᠎ᠠ ᠪᠠᠷ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠣᠷᠣᠯᠴᠠᠵᠤ᠂ ᠪᠦᠬᠦ ᠰᠢᠶᠠᠨ ᠤ ᠠᠷᠠᠳ ᠲᠦᠮᠡᠨ ᠤ ᠰᠡᠳᠬᠢᠯ ᠤᠨ ᠦᠭᠡ ᠶᠢ ᠶᠡᠭᠡ ᠬᠤᠷᠠᠯ ᠳᠤ ᠳᠠᠮᠵᠢᠭᠤᠯᠵᠤ᠂ ᠮᠠᠨ ᠤ ᠰᠢᠶᠠᠨ ᠤ ᠴᠢᠨᠠᠷ ᠰᠠᠶᠢᠲᠠᠢ ᠬᠥᠭᠵᠢᠯᠲᠡ ᠳᠤ ᠬᠤᠯᠪᠣᠭᠳᠠᠬᠤ ᠰᠠᠨᠠᠯ ᠵᠥᠪᠯᠡᠯᠭᠡ ᠰᠠᠨᠠᠭᠤᠯᠭ᠎ᠠ ᠶᠢ ᠶᠡᠭᠡ ᠬᠤᠷᠠᠯ ᠳᠤ ᠳᠡᠪᠰᠢᠭᠦᠯᠵᠦ᠂ ᠲᠣᠭᠲᠠᠬᠤ ᠰᠢᠶᠠᠨ ᠤ ᠴᠢᠨᠠᠷ ᠰᠠᠶᠢᠲᠠᠢ ᠬᠥᠭᠵᠢᠯᠲᠡ ᠳᠤ ᠲᠥᠯᠥᠭᠡᠯᠡᠭᠴᠢᠳ ᠤᠨ ᠤᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ ᠭᠡᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1