ᠰᠡᠷᠡᠮᠵᠢᠯᠡᠭᠡᠷᠡᠢ︕ ᠳᠤᠮᠳᠠᠳᠤ ᠤᠯᠤᠰ ᠤᠨ ᠲᠤᠳᠤᠷ ᠭᠠᠵᠠᠷ ᠠᠴᠠ ᠠᠩᠬ᠎ᠠ ᠤᠳᠠᠭ᠎ᠠ ᠰᠢᠨ᠎ᠡ ᠲᠢᠲᠢᠮᠯᠢᠭ ᠸᠢᠷᠦ᠋ᠰ ᠤᠨ ᠬᠤᠪᠢᠯᠪᠤᠷᠢ ᠤᠮᠢᠷᠤᠨ ᠢ ᠪᠠᠶᠢᠴᠠᠭᠠᠵᠤ ᠭᠠᠷᠭᠠᠪᠠ
ᠨᠡᠶᠢᠲᠡᠯᠡᠭᠰᠡᠨ ᠴᠠᠭ᠄
2021/12/16
      ᠰᠤᠷᠪᠤᠯᠵᠢᠯᠠᠭᠴᠢ 12 ᠰᠠᠷ᠎ᠠ ᠶᠢᠨ 13 ᠤ ᠡᠳᠦᠷ ᠲᠢᠶᠠᠨᠵᠢᠨ ᠬᠤᠲᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠠᠴᠠ ᠣᠶᠢᠯᠠᠭᠠᠭᠰᠠᠨ ᠢᠶᠠᠷ᠂ ᠲᠢᠶᠠᠨᠵᠢᠨ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠬᠢᠨ 12 ᠰᠠᠷ᠎ᠠ ᠶᠢᠨ 9 ᠤ ᠡᠳᠦᠷ ᠲᠢᠶᠠᠨᠵᠢᠨ ᠬᠤᠲᠠ ᠶᠢᠨ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠰᠢᠨ᠎ᠡ ᠲᠢᠲᠢᠮᠯᠢᠭ ᠸᠢᠷᠦ᠋ᠰ ᠤᠨ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ ᠤᠨ ᠠᠮᠢᠰᠬᠤᠯ ᠤᠨ ᠵᠠᠮ ᠤᠨ ᠥᠯᠢᠭᠡᠷ ᠬᠡᠪ ᠲᠤ ᠰᠢᠨ᠎ᠡ ᠲᠢᠲᠢᠮᠯᠢᠭ ᠸᠢᠷᠦ᠋ᠰ ᠤᠨ ᠪᠥᠬᠦ ᠭᠧᠨ ᠤ ᠪᠦᠯᠦᠭ ᠤᠨ ᠴᠤᠪᠤᠷᠠᠯ ᠤᠨ ᠬᠡᠮᠵᠢᠯᠳᠡ ᠪᠠ ᠴᠤᠪᠤᠷᠠᠯ ᠤᠨ ᠵᠠᠳᠠᠯᠤᠯᠲᠠ ᠬᠢᠭᠰᠡᠨ ᠤ ᠬᠠᠮᠳᠤ ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ  ᠡᠵᠡᠮᠳᠡᠬᠦ  ᠲᠥᠪ ᠤᠨ ᠳᠠᠬᠢᠨ ᠬᠢᠨᠠᠯᠲᠠ ᠬᠢᠬᠦ ᠪᠠᠷ ᠲᠠᠮᠵᠢᠭᠠᠳ᠂ ᠴᠥᠮ ᠰᠢᠨ᠎ᠡ ᠲᠢᠲᠢᠮᠯᠢᠭ ᠸᠢᠷᠦ᠋ᠰ ᠤᠨ ᠬᠤᠪᠢᠯᠪᠤᠷᠢ ᠤᠮᠢᠷᠤᠨ ︵B.1.1.529 ᠬᠤᠪᠢᠰᠤᠯ ᠤᠨ ᠰᠠᠯᠠᠭ᠎ᠠ︶ ᠪᠤᠯᠬᠤ ᠶᠢ ᠪᠠᠶᠢᠴᠠᠭᠠᠵᠤ ᠭᠠᠷᠭᠠᠵᠠᠶ᠃ ᠲᠢᠶᠠᠨᠵᠢᠨ   ᠳᠠᠬᠢ  ᠡᠨᠡᠬᠦ  ᠬᠠᠯᠳᠠᠪᠤᠷᠢᠯᠠᠭᠰᠠᠳ  ᠪᠣᠯ  ᠬᠢᠯᠢ ᠳᠤ  ᠣᠷᠣᠬᠤ  ᠪᠢᠲᠡᠭᠦᠦ ᠴᠠᠭᠠᠷᠢᠭ ᠤᠨ  ᠬᠠᠮᠢᠶᠠᠷᠤᠨ ᠡᠵᠡᠮᠳᠡᠬᠦ ᠠᠵᠢᠯᠳᠠᠨ ᠪᠣᠯᠤᠨ᠎ᠠ᠂ ᠣᠳᠣᠬᠠᠨ ᠳᠤ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠨᠡᠭᠦᠯᠵᠦ ᠪᠠᠶᠢᠨ᠎ᠠ᠃      ᠣᠶᠢᠯᠠᠭᠠᠭᠰᠠᠨ ᠢᠶᠠᠷ᠂ ᠡᠨᠡ ᠪᠣᠯ ᠳᠤᠮᠳᠠᠳᠤ ᠤᠯᠤᠰ ᠤᠨ ᠲᠤᠳᠤᠷ  ᠭᠠᠵᠠᠷ ᠠᠴᠠ ᠠᠩᠬ᠎ᠠ ᠤᠳᠠᠭ᠎ᠠ ᠰᠢᠨ᠎ᠡ ᠲᠢᠲᠢᠮᠯᠢᠭ ᠸᠢᠷᠦ᠋ᠰ ᠤᠨ ᠬᠤᠪᠢᠯᠪᠤᠷᠢ ᠤᠮᠢᠷᠤᠨ ᠢ ᠢᠯᠡᠷᠡᠭᠦᠯᠵᠦ ᠪᠠᠶᠢᠭ᠎ᠠ ᠶᠠᠪᠤᠳᠠᠯ ᠪᠣᠯᠤᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1