12 ᠳ᠋ᠤᠭᠠᠷ ᠰᠠᠷ᠎ᠠ ᠶᠢᠨ 16 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠯᠢ ᠴᠦᠨ ᠶᠠᠨ | ᠱᠤᠸᠠᠩ ᠾᠧ ᠪᠠᠯᠭᠠᠰᠤ ᠶᠢᠨ ᠨᠠᠨ ᠾᠦᠸᠧ ᠫᠠᠨ ᠲᠣᠰᠬᠤᠨ᠂ ᠾᠧ ᠺᠸᠤ᠂ ᠬᠠᠳᠤᠨ ᠭᠤᠣᠯ ᠤᠨ ᠬᠤᠤ ᠵᠢᠶᠠ | ᠶᠣᠣ ᠲᠤᠰᠬᠤᠨ ᠳᠤ ᠭᠦᠨᠵᠡᠭᠡᠶᠢᠷᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠠᠪᠤᠳᠠᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ | ᠪᠦᠲᠦᠮᠵᠢᠲᠡᠢ ᠵᠣᠯᠭᠠᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ︽ᠰᠡᠳᠬᠢᠯ ᠢ ᠳᠤᠯᠠᠭᠠᠴᠠᠭᠤᠯᠬᠤ | ᠨᠡᠭᠦᠷᠡᠰᠦ︾ ᠲᠠᠷᠬᠠᠭᠠᠬᠤ᠂ ᠰᠦᠩ ᠬᠠᠯᠢᠶ᠎ᠠ ᠶᠢ ᠰᠡᠷᠭᠡᠶᠢᠯᠡᠬᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ | ᠠᠬᠤᠢ ᠶᠢ ᠬᠠᠮᠠᠭᠠᠯᠠᠬᠤ ᠪᠠ ᠴᠢᠨᠠᠷ ᠰᠠᠶᠢᠲᠠᠢ ᠬᠥᠭᠵᠢᠭᠦᠯᠬᠦ ᠵᠡᠷᠭᠡ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ | ᠬᠢᠵᠡᠢ᠃ | | | | | ᠨᠠᠨ ᠾᠦᠸᠧ ᠫᠠᠨ ᠲᠣᠰᠬᠤᠨ ᠳᠤ᠂ ᠯᠢ ᠴᠦᠨ ᠶᠠᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ | ᠲᠦᠭᠡᠭᠡᠵᠦ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠲᠣᠰᠬᠤᠨ ᠤ | ᠠᠷᠠᠳ ᠤᠨ ᠭᠡᠷ ᠲᠤ ᠭᠦᠨᠵᠡᠭᠡᠶᠢᠷᠡᠨ ᠪᠠᠶᠢᠳᠠᠯ ᠢ ᠣᠶᠢᠯᠠᠭᠠᠪᠠ᠃ ᠯᠢ ᠴᠦᠨ ᠶᠠᠨ ᠴᠢᠬᠤᠯᠠᠴᠢᠯᠠᠭᠰᠠᠨ ᠨᠢ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠲᠠ ᠶᠢᠨ ᠨᠠᠮ ᠤᠨ | ᠬᠤᠷᠢᠶ᠎ᠠ ᠵᠠᠰᠠᠭ ᠤᠨ ᠣᠷᠳᠣᠨ ᠤ ᠬᠠᠮᠢᠶ᠎ᠠ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ︽ᠰᠡᠳᠬᠢᠯ ᠢ | ᠳᠤᠯᠠᠭᠠᠴᠠᠭᠤᠯᠬᠤ ᠨᠡᠭᠦᠷᠡᠰᠦ︾ ᠶᠢ ᠰᠢᠯᠵᠢᠭᠦᠯᠦᠨ ᠲᠡᠭᠡᠭᠡᠪᠦᠷᠢᠯᠡᠵᠦ ᠲᠠᠷᠬᠠᠭᠠᠬᠤ ᠠᠵᠢᠯ ᠢ ᠤᠨᠢᠨ ᠳᠡᠭᠡᠷ᠎ᠡ ᠨᠢ | ᠭᠦᠨᠵᠡᠭᠡᠢ ᠪᠥᠭᠡᠳ ᠪᠣᠳᠠᠲᠠᠢ ᠨᠠᠷᠢᠯᠢᠭ ᠬᠢᠵᠦ᠂ ᠪᠣᠳᠠᠲᠠᠢ ᠬᠡᠷᠡᠭᠴᠡᠭᠡ ᠶᠣᠰᠣᠭᠠᠷ ᠨᠡᠭᠦᠷᠡᠰᠦ ᠲᠠᠷᠬᠠᠭᠠᠬᠤ ᠲᠠᠯᠠᠪᠤᠷ ᠢ | ᠨᠡᠮᠡᠨ ᠪᠠᠶᠢᠭᠤᠯᠵᠤ᠂ ᠮᠡᠳᠡᠭᠡ ᠵᠠᠩᠭᠢ ᠨᠡᠪᠲᠡᠷᠡᠯᠴᠡᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠲᠣᠰᠬᠤᠨ ᠤ | ᠠᠷᠠᠳ ᠢ ᠵᠢᠷᠤᠮᠵᠢᠭᠤᠯᠤᠨ ᠡᠮᠬᠢ ᠵᠢᠷᠤᠮ ᠲᠠᠢ ᠵᠣᠬᠢᠶᠠᠨ ᠪᠠᠶᠢᠭᠤᠯᠵᠤ ᠪᠠᠶᠢᠭᠠᠳ ᠬᠤᠳᠠᠯᠳᠤᠨ ᠠᠪᠴᠤ | ᠲᠡᠭᠡᠭᠡᠪᠦᠷᠢᠯᠡᠵᠦ᠂ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠲᠠᠷᠬᠠᠭᠠᠬᠤ ᠠᠵᠢᠯ ᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠪᠠᠲᠤᠯᠠᠵᠤ᠂ ᠲᠣᠰᠬᠤᠨ ᠤ ᠠᠷᠠᠳ ᠤᠯᠠᠨ ᠳᠤ ᠬᠠᠬᠢᠷ ᠬᠦᠢᠳᠡᠨ ᠡᠪᠦᠯ ᠤᠨ ᠤᠯᠠᠷᠢᠯ ᠳᠤ | ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠬᠡᠷᠡᠭᠯᠡᠭᠦᠯᠵᠦ᠂ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ | ᠬᠠᠯᠠᠮᠵᠢ ᠶᠢ ᠲᠦᠭ ᠲᠦᠮᠡᠨ ᠠᠶᠢᠯ ᠡᠷᠦᠬᠡ ᠳᠤ ᠬᠦᠷᠭᠡᠬᠦ ᠬᠡᠷᠡᠭᠲᠡᠢ ᠭᠡᠵᠡᠢ᠃ | | | | | ᠬᠠᠲᠤᠨ ᠭᠤᠤᠯ ᠤᠨ ᠾᠧ ᠺᠸᠤ᠂ ᠬᠤᠤ ᠵᠢᠶᠠ ᠶᠣᠣ ᠲᠤᠰᠬᠤᠨ ᠳᠤ᠂ ᠯᠢ ᠴᠦᠨ ᠶᠠᠨ ᠬᠠᠮᠢᠶ᠎ᠠ ᠪᠥᠬᠦᠶ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠬᠢᠨᠠᠮᠠᠭᠠᠶ ᠰᠣᠨᠣᠰᠴᠤ᠂ | ᠮᠠᠨ ᠤ ᠰᠢᠶᠠᠨ ᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ | ᠬᠥᠭᠵᠢᠯᠲᠡ ᠪᠠ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ | ᠣᠶᠢᠯᠠᠭᠠᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠢ ᠰᠠᠶᠢᠲᠤᠷ ᠬᠢᠬᠦ ᠲᠤᠬᠠᠶ ᠪᠣᠳᠠᠲᠠᠶ ᠱᠠᠭᠠᠷᠳᠠᠯᠭ᠎ᠠ | ᠳᠤᠷᠠᠳᠪᠠ᠃ ᠯᠢ ᠴᠦᠨ ᠶᠠᠨ ᠴᠢᠬᠤᠯᠠᠴᠢᠯᠠᠭᠰᠠᠨ ᠨᠢ᠂ ᠣᠳᠣᠬᠠᠨ ᠳᠤ ᠬᠠᠲᠤᠨ ᠭᠤᠤᠯ ᠬᠠᠯᠢᠶ᠎ᠠ ᠶᠢᠨ ᠦᠶᠡᠷ ᠤᠨ | ᠬᠤᠭᠤᠴᠠᠭᠠᠨ ᠳᠤ ᠣᠷᠣᠵᠤ᠂ ᠬᠠᠲᠤᠨ ᠭᠤᠤᠯ ᠤᠨ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠨᠢ ᠠᠷᠠᠳ ᠣᠯᠠᠨ ᠤ | ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠯᠪᠣᠭᠳᠠᠵᠤ ᠪᠠᠶᠢᠭ᠎ᠠ ᠪᠣᠯᠬᠤᠷ ᠰᠥᠩ ᠬᠠᠯᠢᠶ᠎ᠠ ᠶᠢ | ᠰᠡᠷᠭᠡᠶᠢᠯᠡᠬᠦ ᠠᠵᠢᠯ ᠢ ᠰᠠᠶᠢᠲᠤᠷ ᠬᠢᠬᠦ ᠳᠤ ᠬᠠᠷᠢᠭᠤᠴᠠᠯᠭ᠎ᠠ ᠬᠦᠨᠳᠦ ᠪᠠᠶᠢᠨ᠎ᠠ᠃ ᠬᠠᠲᠤᠨ ᠭᠤᠤᠯ ᠤᠨ ᠨᠤᠭᠤ | ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠠᠲᠤᠨ | ᠭᠤᠤᠯ ᠤᠨ ᠰᠥᠩ ᠬᠠᠯᠢᠶ᠎ᠠ ᠶᠢ ᠰᠡᠷᠭᠡᠶᠢᠯᠡᠬᠦ ᠪᠠᠶᠢᠳᠠᠯ ᠢ ᠬᠢᠨᠠᠮᠠᠭᠠᠶ ᠵᠠᠳᠠᠯᠵᠤ᠂ ᠠᠮᠤᠷ ᠲᠦᠪᠰᠢᠨ ᠢ ᠳᠡᠭᠡᠳᠦᠯᠡᠬᠦ | ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠡᠯ᠎ᠡ ᠵᠦᠢᠯ ᠤᠨ ᠰᠥᠩ ᠬᠠᠯᠢᠶ᠎ᠠ ᠶᠢ | ᠰᠡᠷᠭᠡᠶᠢᠯᠡᠬᠦ ᠬᠠᠷᠢᠭᠤᠴᠠᠯᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠡᠯ᠎ᠡ ᠵᠦᠢᠯ ᠤᠨ ᠲᠥᠰᠦᠯ ᠢ | ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠨᠠᠷᠢᠯᠢᠬᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠦᠯ ᠢ ᠨᠠᠷᠢᠨ ᠨᠢᠮᠪᠠᠶ ᠲᠣᠭᠲᠠᠭᠠᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ | ᠲᠦᠭᠰᠢᠭᠦᠷᠢᠲᠦ ᠪᠠᠶᠢᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠴᠠᠭ ᠲᠤᠬᠠᠶ ᠳᠤᠨᠢ ᠡᠵᠡᠮᠳᠡᠨ᠂ ᠴᠠᠭ ᠲᠤᠬᠠᠶ ᠳᠤᠨᠢ | ᠰᠢᠢᠳᠪᠦᠷᠢᠯᠡᠵᠦ᠂ ᠬᠠᠲᠤᠨ ᠭᠤᠤᠯ ᠤᠨ ᠰᠥᠩ ᠬᠠᠯᠢᠶ᠎ᠠ ᠶᠢ ᠰᠡᠷᠭᠡᠶᠢᠯᠡᠬᠦ ᠠᠮᠤᠷ ᠲᠦᠪᠰᠢᠨ ᠢ ᠦᠨᠡᠨᠬᠦ ᠪᠠᠲᠤᠯᠠᠬᠤ | ᠬᠡᠷᠡᠭᠲᠡᠶ᠃ ᠬᠠᠲᠤᠨ ᠭᠤᠣᠯ ᠤᠨ ᠬᠠᠮᠠᠭᠠᠯᠠᠯᠲᠠ ᠶᠢᠨ ᠠᠰᠠᠭᠤᠳᠠᠯ ᠤᠨ ᠴᠢᠬᠤᠯᠠ ᠴᠢᠨᠠᠷ ᠢ ᠲᠠᠨᠢᠵᠤ᠂ ᠤᠯᠤᠰ | ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠶᠡᠭᠡ ᠬᠠᠮᠠᠭᠠᠯᠠᠯᠲᠠ ᠶᠢ ᠬᠠᠮᠲᠤᠪᠠᠷ ᠰᠠᠶᠢᠲᠤᠷ ᠠᠳᠬᠤᠵᠤ | ᠂ ᠶᠡᠭᠡ ᠵᠠᠰᠠᠯᠲᠠ ᠶᠢ ᠬᠠᠮᠵᠢᠯᠴᠠᠨ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠᠷ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃ | | | | | | | | ᠯᠢ ᠴᠦᠨ ᠶᠠᠨ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠡᠨ ᠢ ᠪᠠᠷᠢᠮᠲᠠᠯᠠᠨ | ᠪᠣᠳᠠᠲᠠᠢ ᠶᠢ ᠡᠷᠬᠢᠮᠯᠡᠬᠦ ᠵᠣᠷᠢᠭ ᠰᠠᠨᠠᠭ᠎ᠠ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ | ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠭᠰᠡᠨ ᠤ ᠳᠠᠷᠠᠭᠠᠬᠢ ᠦᠨᠡᠯᠡᠨ ᠵᠢᠱᠢᠬᠦ ᠠᠵᠢᠯ ᠤᠨ ᠳᠤᠮᠳᠠ | ᠣᠷᠣᠰᠢᠵᠤ ᠪᠠᠶᠢᠭ᠎ᠠ ᠡᠯ᠎ᠡ ᠲᠦᠷᠦᠯ ᠤᠨ ᠠᠰᠠᠭᠤᠳᠠᠯ ᠤᠨ ᠳᠤᠲᠠᠭᠤᠳᠠᠯ ᠢ ᠪᠦᠬᠦ ᠲᠠᠯ᠎ᠠ ᠪᠠᠷ ᠰᠢᠰᠲ᠋ᠧᠮ ᠲᠠᠢ | ᠡᠮᠬᠢᠯᠡᠵᠦ᠂ ᠠᠯᠳᠠᠭᠳᠠᠯ ᠢ ᠪᠠᠶᠢᠴᠠᠭᠠᠨ ᠳᠤᠲᠠᠭᠤᠳᠠᠯ ᠢ ᠨᠥᠬᠦᠪᠥᠷᠢᠯᠡᠬᠦ ᠶᠢ ᠱᠠᠯᠠᠪᠳᠠᠨ ᠠᠳᠬᠤᠵᠤ᠂ ᠠᠰᠠᠭᠤᠳᠠᠯ ᠢ | ᠲᠦᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ᠃ ᠳᠦᠷᠦ ᠶᠢᠨ ᠪᠤᠳᠤᠯᠭ᠎ᠠ᠂ ᠳᠦᠷᠦᠯ ᠵᠦᠢᠯ | ᠂ ᠪᠡᠯᠡ ᠮᠥᠩᠭᠦᠨ ᠤ ᠳᠠᠪᠠᠭᠤᠯᠢᠭ ᠢ ᠰᠠᠶᠢᠲᠤᠷ ᠠᠰᠢᠭᠯᠠᠵᠤ᠂ ᠤᠯᠠᠨ ᠲᠦᠮᠡᠨ ᠤ ᠬᠦᠰᠡᠯ ᠰᠠᠨᠠᠭ᠎ᠠ ᠳᠤ ᠨᠡᠶᠢᠴᠡᠬᠦ | ᠬᠥᠳᠡᠭᠡ ᠲᠣᠰᠬᠤᠨ ᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠳᠣᠲᠣᠭᠠᠳᠤ ᠶᠢᠨ ᠬᠥᠳᠡᠯᠭᠡᠬᠦ ᠬᠦᠴᠦᠨ ᠪᠣᠯᠤᠨ | ︽ᠴᠢᠰᠤ ᠪᠦᠲᠦᠭᠡᠬᠦ︾ ᠴᠢᠳᠠᠪᠬᠢ ᠶᠢ ᠳᠠᠰᠤᠷᠠᠯᠳᠠ ᠦᠬᠡᠢ ᠴᠢᠩᠭᠠᠳᠬᠠᠬᠤ ᠬᠡᠷᠡᠭᠲᠡᠢ᠃ ᠨᠠᠮ ᠤᠨ ᠵᠣᠬᠢᠶᠠᠨ | ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ | ᠬᠤᠰᠢᠭᠤᠴᠢ ᠵᠢᠱᠢᠶᠡᠴᠢ ᠶᠢᠨ ᠦᠢᠯᠡᠳᠦᠯ ᠢ ᠪᠠᠳᠠᠷᠠᠭᠤᠯᠵᠤ᠂ ᠬᠥᠳᠡᠭᠡ ᠲᠣᠰᠬᠤᠨ ᠤ ᠦᠨᠳᠦᠰᠦᠨ ᠱᠠᠲᠤᠨ ᠤ | ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠣᠯᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠡᠯ᠎ᠡ ᠵᠦᠢᠯ ᠤᠨ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠶᠡᠭᠡ ᠲᠠᠯ᠎ᠠ ᠶᠢᠨ ᠤᠬᠠᠮᠰᠠᠷ ᠢ ᠪᠠᠲᠤ ᠪᠤᠢ ᠪᠣᠯᠭᠠᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠮᠢᠨᠴᠦᠭᠦᠷᠡᠬᠦ ᠦᠵᠡᠯ | ᠰᠠᠨᠠᠭ᠎ᠠ᠂ ᠰᠤᠯᠠᠷᠠᠬᠤ ᠰᠡᠳᠬᠢᠴᠡ ᠶᠢ ᠡᠷᠡᠰ ᠲᠡᠪᠴᠢᠵᠦ᠂ ᠪᠠᠶᠢᠩᠭᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠡᠯ᠎ᠡ ᠵᠦᠢᠯ ᠤᠨ ᠠᠵᠢᠯ ᠢ ᠡᠬᠢᠯᠡᠩᠭᠦᠳᠡ ᠪᠠᠨ ᠬᠢᠴᠢᠶᠡᠨ ᠰᠠᠶᠢᠲᠤᠷ ᠠᠳᠬᠤᠬᠤ ᠬᠡᠷᠡᠭᠲᠡᠢ ᠭᠡᠵᠦ | ᠱᠠᠭᠠᠷᠳᠠᠪᠠ᠃ | ᠰᠢᠶᠠᠨ ᠤ ᠤᠳᠤᠷᠢᠳᠤᠯᠭ᠎ᠠ ᠯᠢᠦ ᡁᠢ ᠴᠢᠶᠠᠩ᠂ ᠰᠦᠨ ᠬᠠᠶ ᠱᠧᠩ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃ |