ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠭᠤᠤ ᠵᠧᠩ ᠱᠤᠸᠠᠩ ᠾᠧ ᠪᠠᠯᠭᠠᠰᠤᠨ ᠳᠤ ᠭᠦᠨᠵᠡᠭᠡᠶᠢᠷᠡᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠬᠢᠵᠢᠭᠦᠯᠬᠦ ᠤᠬᠠᠮᠰᠠᠷ ᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/12/17
      12 ᠳ᠋ᠤᠭᠠᠷ ᠰᠠᠷ᠎ᠠ ᠶᠢᠨ 16 ᠤ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠭᠤᠤ ᠵᠧᠩ ᠱᠤᠸᠠᠩ ᠾᠧ ᠪᠠᠯᠭᠠᠰᠤᠨ ᠳᠤ ᠭᠦᠨᠵᠡᠭᠡᠶᠢᠷᠡᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠬᠢᠵᠢᠭᠦᠯᠬᠦ ᠤᠬᠠᠮᠰᠠᠷ ᠢ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠥᠮᠦᠰ︾ ᠮᠡᠳᠤ ᠲᠦᠷᠦᠯ ᠰᠠᠳᠤᠨ ᠪᠤᠯᠵᠤ ᠬᠠᠪᠰᠤᠷᠤᠨ ᠲᠡᠳᠬᠦᠬᠦ ᠠᠵᠢᠯᠯᠠᠭ᠎ᠠ ᠶᠢ ᠥᠷᠨᠢᠭᠦᠯᠵᠡᠢ᠃
     ᠭᠤᠣ ᠵᠧᠩ ᠵᠢᠭᠠᠵᠤ ᠭᠠᠷᠭᠠᠭᠰᠠᠨ ᠨᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠪᠢᠳᠡᠨ ᠤ ᠠᠵᠢᠯ ᠢᠶᠠᠨ ᠴᠢᠨᠠᠭᠰᠢᠳᠠ ᠰᠠᠶᠢᠲᠤᠷ ᠬᠢᠬᠦ ᠳᠤ ᠴᠢᠭᠯᠡᠯ ᠢ ᠲᠣᠳᠣᠷᠬᠠᠢ ᠵᠢᠭᠠᠵᠤ᠂ ᠵᠢᠷᠤᠮᠯᠠᠯ ᠬᠠᠩᠭᠠᠵᠤ᠂ ᠬᠦᠴᠦᠷᠬᠡᠭ ᠶᠡᠭᠡ ᠢᠲᠡᠭᠡᠯ ᠵᠣᠷᠢᠭ ᠪᠣᠯᠤᠨ ᠬᠥᠳᠡᠯᠭᠡᠬᠦ ᠬᠦᠴᠦᠨ ᠢ ᠨᠡᠮᠡᠷᠢᠯᠡᠵᠡᠢ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ᠂ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠠᠵᠢᠯ ᠤᠨ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ᠰᠢᠨ᠎ᠡ ᠶᠢ ᠡᠭᠦᠳᠬᠦ ᠤᠬᠠᠮᠰᠠᠷ ᠢᠶᠠᠨ ᠴᠢᠩᠭᠠᠳᠬᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ ᠭᠡᠵᠡᠢ᠃      ᠭᠤᠣ ᠵᠧᠩ ᠴᠢᠬᠤᠯᠠᠴᠢᠯᠠᠭᠰᠠᠨ ᠨᠢ᠂ ᠱᠤᠸᠠᠩ ᠾᠧ ᠪᠠᠯᠭᠠᠰᠤ ᠶᠢᠨ ᠬᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠣᠳᠠᠲᠠᠢ ᠠᠵᠢᠯᠯᠠᠭ᠎ᠠ ᠳᠡᠭᠡᠷ᠎ᠡ ᠪᠠᠨ ᠢᠯᠡᠷᠡᠭᠦᠯᠬᠦ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠪᠣᠯᠤᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠣᠭᠲᠠᠭᠠᠭᠰᠠᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠠᠴᠠ ᠮᠠᠨ ᠤ ᠰᠢᠶᠠᠨ ᠳᠤ ᠲᠠᠯᠪᠢᠭᠰᠠᠨ ᠪᠠᠶᠢᠷᠢ ᠲᠣᠭᠲᠠᠭᠠᠯᠲᠠ ᠶᠢᠨ ᠱᠠᠭᠠᠷᠳᠠᠯᠭ᠎ᠠ ᠶᠣᠰᠣᠭᠠᠷ᠂ ᠣᠷᠣᠨ ᠪᠠᠶᠢᠷᠢ ᠶᠢᠨ ᠳᠠᠪᠠᠭᠤᠯᠢᠭ ᠪᠣᠯᠤᠨ ᠴᠢᠳᠠᠪᠤᠷᠢᠲᠠᠨ ᠤ ᠳᠠᠪᠠᠭᠤᠯᠢᠭ ᠲᠤ ᠲᠦᠰᠢᠭᠯᠡᠨ᠂ ᠪᠦᠬᠦ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠶᠠᠪᠤᠴᠠ ᠳᠤ ᠬᠥᠳᠡᠯᠭᠡᠭᠦᠷ ᠤᠨ ᠳᠠᠶᠢᠴᠢᠯᠠᠬᠤ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠳᠤᠯᠤᠨ ᠨᠠᠷᠢᠨ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠡᠨᠡᠬᠦ ᠭᠤᠣᠯ ᠱᠤᠭᠤᠮ ᠲᠠᠢ ᠨᠢᠭᠲᠠ ᠤᠶᠠᠯᠳᠤᠭᠤᠯᠤᠨ᠂ ᠦᠨᠳᠦᠰᠦᠨ ᠱᠠᠲᠤᠨ ᠳᠤ ᠭᠦᠨᠵᠡᠭᠡᠶᠢᠷᠡᠬᠦ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠡᠳᠬᠢᠯ ᠲᠠᠯᠪᠢᠨ ᠬᠦᠴᠦ ᠲᠠᠯᠪᠢᠨ ᠰᠠᠶᠢᠲᠤᠷ ᠬᠢᠵᠦ᠂ ᠮᠠᠨ ᠤ ᠰᠢᠶᠠᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1