ᠦᠨ᠎ᠡ ᠪᠠᠭᠤᠷᠠᠬᠤ ᠲᠤᠬᠠᠢ ᠪᠠᠰᠠ ᠨᠢᠭᠡ ᠰᠠᠶᠢᠨ ᠴᠢᠮᠡᠭᠡ
ᠨᠡᠶᠢᠲᠡᠯᠡᠭᠰᠡᠨ ᠴᠠᠭ᠄
2021/12/17
      ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠬᠠᠮᠤᠭ ᠤᠨ ᠰᠢᠨ᠎ᠡ ᠮᠡᠳᠡᠭᠡ ᠶᠢ ᠦᠨᠳᠦᠰᠦᠯᠡᠪᠡᠯ᠂ ᠤᠳᠤᠬᠠᠨ ᠪᠣᠯᠲᠠᠯ᠎ᠠ᠂ ᠨᠡᠶᠢᠲᠡ 30 ᠮᠤᠵᠢ ᠣᠷᠣᠨ ᠤᠷᠢᠳ ᠬᠤᠵᠢᠳ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠬᠢᠬᠦ ᠬᠦᠮᠦᠨ ᠪᠦᠷᠢ ᠶᠢᠨ ᠬᠤᠯᠢᠮᠠᠭ ᠪᠠᠶᠢᠴᠠᠭᠠᠯᠲᠠ ᠶᠢᠨ ᠦᠨ᠎ᠡ ᠶᠢ 10 ᠲᠥᠭᠦᠷᠢᠭ ᠠᠴᠠ ᠳᠣᠷᠣᠭᠰᠢ ︵10 ᠲᠥᠭᠦᠷᠢᠭ ᠪᠠᠭᠲᠠᠨ᠎ᠠ︶ ᠪᠣᠯᠲᠠᠯ᠎ᠠ ᠪᠠᠭᠤᠷᠠᠭᠤᠯᠵᠤ᠂ ᠭᠠᠭᠴᠠ ᠬᠥᠮᠦᠨ ᠤ ᠲᠠᠩ ᠪᠠᠶᠢᠴᠠᠭᠠᠯᠲᠠ ᠬᠢᠬᠦ ᠦᠨ᠎ᠡ ᠶᠢ 40ᠲᠥᠭᠦᠷᠢᠭ ᠠᠴᠠ ᠳᠣᠷᠣᠭᠰᠢ ︵40 ᠲᠥᠭᠦᠷᠢᠭ ᠪᠠᠭᠲᠠᠨ᠎ᠠ︶ ᠪᠣᠯᠲᠠᠯ᠎ᠠ ᠪᠠᠭᠤᠷᠠᠭᠤᠯᠪᠠ᠃ ᠱᠠᠭᠠᠷᠳᠠᠯᠭ᠎ᠠ ᠶᠣᠰᠣᠭᠠᠷ᠂ ᠡᠯ᠎ᠡ ᠭᠠᠵᠠᠷ ᠤᠨ ᠬᠢᠨ 12 ᠰᠠᠷ᠎ᠠ ᠶᠢᠨ 15 ᠤ ᠡᠳᠦᠷ ᠠᠴᠠ ᠡᠮᠦᠨ᠎ᠡ ᠪᠠᠶᠢᠴᠠᠭᠠᠯᠳᠠ ᠬᠢᠬᠦ ᠦᠨ᠎ᠡ ᠶᠢ ᠪᠠᠭᠤᠷᠠᠭᠤᠯᠬᠤ ᠪᠤᠯᠤᠨ᠎ᠠ᠃ ᠣᠯᠠᠨ ᠲᠦᠮᠡᠨ ᠤ ᠳᠠᠷᠤᠭᠠᠰᠤ ᠶᠢ ᠪᠦᠲᠦᠮᠵᠢᠲᠡᠶ ᠪᠠᠷ ᠬᠦᠩᠭᠡᠷᠡᠭᠦᠯᠬᠦ ᠶᠢᠨ ᠲᠥᠯᠥᠭᠡ᠂ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠠᠴᠠ ᠡᠯ᠎ᠡ ᠭᠠᠵᠠᠷ ᠤᠨ ᠬᠢᠨ ᠤ ᠨᠥᠬᠦᠴᠡᠯ ᠪᠤᠯᠤᠮᠵᠢ ᠲᠠᠢ ᠪᠠᠶᠢᠳᠠᠯ ᠳᠤᠤᠷ᠎ᠠ ᠣᠯᠠᠨ ᠬᠥᠮᠦᠨ ᠳᠤ ᠬᠤᠯᠢᠮᠠᠭ ᠪᠠᠶᠢᠴᠠᠭᠠᠯᠲᠠ ᠬᠢᠬᠦ ᠶᠢ ᠵᠣᠷᠢᠭᠵᠢᠭᠤᠯᠬᠤ ᠶᠢᠨ ᠬᠠᠮᠲᠤ ᠪᠣᠳᠠᠲᠠᠶ ᠰᠢᠯᠭᠠᠨ ᠪᠠᠶᠢᠴᠠᠭᠠᠯᠳᠠ ᠬᠢᠭᠰᠡᠨ ᠦᠢᠯᠡᠴᠢᠯᠡᠭᠡᠨ ᠤ ᠲᠦᠯᠦᠪᠦᠷᠢ ᠬᠤᠷᠢᠶᠠᠨ᠎ᠠ ᠬᠡᠪᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1