ᠰᠤᠷᠪᠤᠯᠵᠢᠯᠠᠭᠴᠢ 13 ᠤ ᠡᠳᠦᠷ ᠰᠤᠷᠭᠠᠨ ᠬᠥᠮᠦᠵᠢᠯ ᠤᠨ ᠶᠠᠮᠤᠨ ᠠᠴᠠ ᠣᠶᠢᠯᠠᠭᠠᠭᠰᠠᠨ ᠢᠶᠠᠷ᠂ ᠰᠤᠷᠭᠠᠨ | ᠬᠥᠮᠦᠵᠢᠯ ᠤᠨ ᠶᠠᠮᠤᠨ ᠮᠡᠳᠡᠭᠳᠡᠯ ᠳᠠᠷᠤᠮᠠᠯᠯᠠᠨ ᠲᠠᠷᠬᠠᠭᠠᠵᠤ ᠰᠤᠷᠭᠠᠨ ᠬᠥᠮᠦᠵᠢᠯ ᠤᠨ App ᠶᠢᠨ | ᠬᠠᠮᠢᠶᠠᠷᠤᠯᠲᠠ ᠶᠢ ᠴᠢᠩᠭᠠᠳᠬᠠᠵᠤ᠂ ︽ᠬᠤᠶᠠᠷ ᠢ ᠬᠦᠡᠭᠭᠡᠷᠡᠬᠦᠯᠬᠦ︾ ᠲᠥᠷᠥ ᠶᠢᠨ ᠪᠣᠳᠣᠯᠭ᠎ᠠ ᠲᠠᠢ ᠵᠣᠯᠭᠠᠭᠤᠯᠬᠤ ᠶᠢ | ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃ ᠮᠡᠳᠡᠭᠳᠡᠯ ᠳᠤ ᠵᠢᠭᠠᠬᠤ ᠳᠠᠭᠠᠨ᠄ ᠡᠯ᠎ᠡ ᠭᠠᠵᠠᠷ ᠤᠨ ᠰᠤᠷᠭᠠᠨ | ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠳᠤᠮᠳᠠᠳᠤ ᠪᠠᠭ᠎ᠠ ᠰᠤᠷᠭᠠᠭᠤᠯᠢ ᠶᠢᠨ ᠰᠦᠯᠵᠢᠶᠡᠨ | ᠳᠡᠭᠡᠷᠡᠬᠢ ᠰᠢᠨᠵᠢᠯᠡᠭᠡᠨ ᠤ ᠲᠥᠷᠥᠯ ᠤᠨ ᠪᠤᠯᠪᠠᠰᠤᠷᠠᠯ ᠤᠨ ᠪᠠᠶᠢᠭᠤᠯᠤᠮᠵᠢ ᠶᠢ ᠬᠢᠨᠠᠨ ᠵᠥᠪᠰᠢᠶᠡᠷᠡᠬᠦ ᠠᠴᠠ ᠡᠮᠦᠨ᠎ᠡ᠂ | ᠳᠤᠮᠳᠠᠳᠤ ᠪᠠᠭ᠎ᠠ ᠰᠤᠷᠭᠠᠭᠤᠯᠢ ᠶᠢᠨ ᠰᠦᠯᠵᠢᠶᠡᠨ ᠳᠡᠭᠡᠷᠡᠬᠢ ᠰᠢᠨᠵᠢᠯᠡᠭᠡᠨ ᠤ ᠲᠥᠷᠥᠯ ᠤᠨ ᠪᠤᠯᠪᠠᠰᠤᠷᠠᠯ ᠤᠨ App | ᠶᠢ ᠳᠠᠩᠰᠠᠯᠠᠬᠤ ᠠᠵᠢᠯ ᠢ ᠲᠦᠷ ᠵᠤᠬᠰᠤᠭᠠᠬᠤ ᠭᠡᠷᠡᠭᠳᠡᠢ︔ | ᠨᠢᠭᠡᠨᠲᠡ ᠳᠠᠩᠰᠠᠯᠠᠭᠤᠯᠤᠭᠰᠠᠨ ᠬᠠᠮᠢᠶ᠎ᠠ ᠪᠥᠬᠦᠶ ᠰᠤᠷᠭᠠᠨ ᠬᠥᠮᠦᠵᠢᠯ ᠤᠨ App ᠶᠢ ᠲᠠᠪᠴᠠᠩ ᠠᠴᠠ ᠲᠦᠷ | ᠴᠠᠭ ᠭᠠᠷᠭᠠᠬᠤ ᠭᠡᠷᠡᠭᠳᠡᠢ ᠭᠡᠵᠡᠢ᠃ | ᠰᠦᠯᠵᠢᠶᠡᠨ ᠠᠴᠠ ᠭᠠᠷᠭᠠᠬᠰᠠᠨ ᠬᠠᠮᠢᠶ᠎ᠠ ᠪᠥᠬᠦᠶ ᠰᠤᠷᠭᠠᠨ ᠬᠥᠮᠦᠵᠢᠯ ᠤᠨ App ᠬᠠᠩᠭᠠᠭᠴᠢ ᠨᠢ | ᠳᠤᠮᠳᠠᠳᠤ ᠪᠠᠭ᠎ᠠ ᠰᠤᠷᠭᠠᠭᠤᠯᠢ ᠶᠢᠨ ᠰᠦᠯᠵᠢᠶᠡᠨ ᠳᠡᠭᠡᠷᠡᠬᠢ ᠰᠢᠨᠵᠢᠯᠡᠭᠡᠨ ᠤ ᠲᠥᠷᠥᠯ ᠤᠨ ᠪᠤᠯᠪᠠᠰᠤᠷᠠᠯ ᠤᠨ | ᠵᠥᠪᠰᠢᠶᠡᠷᠡᠯ ᠢ ᠣᠯᠤᠭᠰᠠᠨ ᠤ ᠳᠠᠷᠠᠭ᠎ᠠ᠂ ᠲᠠᠪᠴᠠᠩ ᠳᠤ ᠵᠥᠪᠰᠢᠶᠡᠷᠡᠯ ᠤᠨ ᠮᠡᠳᠡᠭᠡ ᠵᠠᠩᠭᠢ ᠪᠠᠨ ᠨᠥᠬᠦᠪᠥᠷᠢᠯᠡᠨ | ᠤᠷᠤᠭᠤᠯᠵᠤ᠂ ᠳᠠᠩᠰᠠᠯᠠᠭᠤᠯᠤᠯᠲᠠ ᠶᠢ ᠰᠡᠷᠭᠦᠭᠡᠬᠦ ᠭᠤᠶᠤᠴᠢᠯᠠᠯ ᠢᠶᠠᠨ ᠲᠤᠰᠢᠶᠠᠵᠤ᠂ ᠪᠠᠶᠢᠭ᠎ᠠ ᠭᠠᠵᠠᠷ ᠤᠨ ᠢᠶᠠᠨ | ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠵᠤ | ᠪᠠᠳᠤᠯᠠᠭᠤᠯᠤᠬᠰᠠᠨ ᠤ ᠬᠤᠶᠢᠨ᠎ᠡ ᠰᠦᠯᠵᠢᠶᠡᠨ ᠳᠤ ᠭᠠᠷᠬᠤ ᠶᠢ ᠨᠢ ᠰᠡᠷᠭᠦᠭᠡᠨ᠎ᠡ︔ ᠳᠤᠮᠳᠠᠳᠤ ᠪᠠᠭ᠎ᠠ | ᠰᠤᠷᠭᠠᠭᠤᠯᠢ ᠶᠢᠨ ᠰᠦᠯᠵᠢᠶᠡᠨ ᠳᠡᠭᠡᠷᠡᠬᠢ ᠰᠢᠨᠵᠢᠯᠡᠭᠡᠨ ᠤ ᠲᠥᠷᠥᠯ ᠤᠨ ᠪᠤᠯᠪᠠᠰᠤᠷᠠᠯ ᠤᠨ ᠵᠥᠪᠰᠢᠶᠡᠷᠡᠯ ᠢ | ᠣᠯᠤᠭᠰᠠᠨ ᠥᠬᠡᠶ ᠪᠣᠯ ᠳᠠᠩᠰᠠᠯᠠᠭᠤᠯᠤᠭᠰᠠᠨ ᠢ ᠨᠢ ᠬᠦᠴᠦᠨ ᠥᠬᠡᠶ ᠪᠣᠯᠭᠠᠨ᠎ᠠ᠃ | ︽ᠰᠡᠭᠦᠳᠡᠷᠯᠡᠵᠦ ᠰᠡᠳᠦᠪ ᠡᠷᠢᠬᠦ︾ ᠵᠡᠷᠭᠡ ᠰᠤᠷᠤᠭᠴᠢᠳ ᠤᠨ ᠰᠡᠳᠬᠢᠬᠦᠶ ᠶᠢᠨ ᠴᠢᠳᠠᠪᠤᠷᠢ ᠶᠢ | ᠬᠤᠶᠢᠷᠭᠤᠰᠢᠭᠤᠯᠬᠤ᠂ ᠰᠤᠷᠤᠭᠴᠢᠳ ᠤᠨ ᠪᠡᠶ᠎ᠡ ᠪᠠᠨ ᠳᠠᠭᠠᠭᠠᠵᠤ ᠰᠡᠳᠬᠢᠬᠦ ᠶᠢ ᠨᠦᠯᠦᠭᠡᠯᠡᠬᠦ᠂ ᠰᠤᠷᠭᠠᠨ ᠬᠥᠮᠦᠵᠢᠯ | ᠵᠢᠭᠠᠨ ᠰᠤᠷᠭᠠᠯᠲᠠ ᠶᠢᠨ ᠵᠢᠮ᠎ᠡ ᠶᠣᠰᠣ ᠠᠴᠠ ᠵᠥᠷᠢᠴᠡᠭᠰᠡᠨ ᠰᠤᠷᠤᠯᠴᠠᠬᠤ ᠠᠷᠭ᠎ᠠ ᠮᠠᠶ᠋ᠢᠭ ᠤᠨ ᠳᠠᠰᠬᠠᠯ App ᠶᠢ | ᠲᠦᠷ ᠴᠠᠭ ᠰᠦᠯᠵᠢᠶᠡᠨ ᠠᠴᠠ ᠪᠠᠭᠤᠯᠭᠠᠨ᠎ᠠ ᠭᠡᠵᠦ ᠵᠢᠭᠠᠵᠤ ᠭᠠᠷᠭᠠᠪᠠ᠃ |