ᠱᠤᠸᠠᠩ ᠾᠧ ᠪᠠᠯᠭᠠᠰᠦ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠲᠠᠢ ᠬᠤᠯᠪᠤᠭᠠᠯᠠᠨ ︽ᠲᠣᠭᠲᠠᠭᠠᠯ ᠠᠴᠠ ᠵᠥᠷᠢᠴᠡᠨ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠴᠠᠬᠢᠯᠭᠠᠨ ᠴᠡᠨᠡᠭᠯᠡᠬᠦ︾ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2021/12/26
      12 ᠳ᠋ᠤᠭᠠᠷ ᠰᠠᠷ᠎ᠠ ᠶᠢᠨ 21 ᠤ ᠡᠳᠦᠷ᠂ ᠱᠤᠸᠠᠩ ᠾᠧ ᠪᠠᠯᠭᠠᠰᠦ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠲᠠᠢ ᠬᠤᠯᠪᠤᠭᠠᠯᠠᠨ ︽ᠲᠣᠭᠲᠠᠭᠠᠯ ᠠᠴᠠ ᠵᠥᠷᠢᠴᠡᠨ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠴᠠᠬᠢᠯᠭᠠᠨ ᠴᠡᠨᠡᠭᠯᠡᠬᠦ︾ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠪᠡ᠃ ᠠᠵᠢᠯᠲᠠᠳ ᠵᠢᠵᠢᠭ ᠲᠣᠭᠤᠷᠢᠭ ᠤᠨ ᠨᠢᠭᠡᠴᠢ ᠠᠰᠠᠷ ᠲᠤ ᠭᠦᠨᠵᠡᠭᠡᠶᠢᠷᠡᠨ ᠠᠮᠤᠷ ᠲᠦᠪᠰᠢᠨ ᠤ ᠰᠠᠨᠠᠭᠤᠯᠤᠮᠵᠢ ᠶᠢᠨ ᠯᠣᠽᠦ᠋ᠩ ᠨᠠᠭᠠᠵᠤ᠂ ᠥᠷᠭᠡᠨ ᠤᠯᠠᠨ ᠲᠦᠮᠡᠨ ᠳᠤ ᠲᠣᠭᠲᠠᠭᠠᠯ ᠠᠴᠠ ᠵᠥᠷᠢᠴᠡᠨ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠴᠠᠬᠢᠯᠭᠠᠨ ᠴᠡᠨᠡᠭᠯᠡᠵᠦ ᠪᠣᠯᠬᠤ ᠦᠭᠡᠢ᠂ ᠴᠠᠬᠢᠯᠭᠠᠨ ᠴᠡᠨᠡᠭᠯᠡᠬᠦ ᠳᠡᠭᠡᠨ ᠰᠢᠲᠠᠮᠠᠬᠠᠢ ᠪᠣᠳᠠᠰ ᠠᠴᠠ ᠬᠤᠯᠠ ᠪᠠᠶᠢᠬᠤ ᠬᠡᠷᠡᠭᠲᠡᠢ ᠭᠡᠵᠦ ᠰᠠᠨᠠᠭᠤᠯᠵᠠᠢ᠃ ᠠᠳᠠᠯ ᠠᠬᠤᠶ ᠶᠢᠨ ᠬᠢᠨ ᠳᠤ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠡᠷᠦᠬᠡ ᠳᠤ ᠣᠷᠣᠭᠤᠯᠬᠤ ᠶᠢ ᠴᠠᠭᠠᠵᠠᠯᠠᠬᠤ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠵᠢᠷᠤᠮᠵᠢᠭᠤᠯᠤᠨ ᠴᠠᠬᠢᠯᠭᠠᠨ ᠴᠡᠨᠡᠭᠯᠡᠬᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠲᠣᠭᠲᠠᠭᠠᠯ ᠠᠴᠠ ᠵᠥᠷᠢᠴᠡᠨ ᠴᠠᠬᠢᠯᠭᠠᠨ ᠴᠡᠨᠡᠭᠯᠡᠬᠦ ᠶᠢ ᠣᠯᠵᠤ ᠮᠡᠳᠡᠪᠡᠯ᠂ ᠴᠠᠭ ᠲᠤᠬᠠᠶ ᠳᠤᠨᠢ ᠢᠳᠬᠠᠨ ᠬᠤᠷᠢᠭᠯᠠᠬᠤ ᠶᠢᠨ ᠬᠠᠮᠲᠤ ︽96119︾ ᠶᠢᠨ ᠭᠠᠯ ᠤᠨ ᠭᠠᠮᠰᠢᠭ ᠤᠨ ᠳᠠᠯᠳᠠ ᠬᠡᠮ ᠢ ᠢᠯᠡᠴᠢᠯᠡᠨ ᠮᠡᠳᠡᠭᠦᠯᠵᠦ ᠵᠠᠭᠠᠯᠳᠤᠬᠤ ᠤᠲᠠᠰᠤ ᠶᠢ ᠤᠲᠠᠰᠤᠳᠠᠵᠤ᠂ ᠢᠯᠡᠴᠢᠯᠡᠨ ᠮᠡᠳᠡᠭᠦᠯᠵᠦ ᠵᠠᠭᠠᠯᠳᠤᠬᠤ ᠬᠡᠷᠡᠭᠲᠡᠶ ᠭᠡᠵᠦ ᠰᠠᠨᠠᠭᠤᠯᠵᠠᠢ᠃      ᠴᠡᠭᠴᠡᠯᠡᠨ ᠵᠠᠰᠠᠬᠤ ᠶᠠᠪᠤᠴᠠ ᠳᠤ᠂ ᠠᠵᠢᠯᠲᠠᠳ ᠣᠯᠵᠤ ᠮᠡᠳᠡᠭᠰᠡᠨ ᠴᠠᠬᠢᠯᠭᠠᠨ ᠤᠲᠠᠰᠤ ᠶᠢ ᠳᠤᠷ᠎ᠠ ᠪᠠᠷ ᠢᠶᠠᠨ ᠲᠠᠲᠠᠵᠤ ᠳᠤᠷ᠎ᠠ ᠪᠠᠷ ᠢᠶᠠᠨ ᠵᠠᠯᠭᠠᠵᠦ ᠴᠠᠬᠢᠯᠭᠠᠨ ᠴᠡᠨᠡᠭᠯᠡᠬᠦ ᠵᠡᠷᠭᠡ ᠬᠡᠮ ᠰᠣᠭᠤᠭ ᠤᠨ ᠠᠰᠠᠭᠤᠳᠠᠯ ᠳᠤ ᠴᠢᠭᠯᠡᠭᠦᠯᠦᠨ᠂ ᠬᠡᠷ ᠲᠤᠨᠢ ᠬᠦᠷᠴᠦ ᠤᠬᠠᠭᠤᠯᠬᠤ ᠳᠠᠭᠠᠨ ᠲᠣᠭᠲᠠᠭᠠᠯ ᠠᠴᠠ ᠵᠥᠷᠢᠴᠡᠨ ᠴᠠᠬᠢᠯᠭᠠᠨ ᠴᠡᠨᠡᠭᠯᠡᠬᠦ ᠦᠢᠯᠡ ᠠᠵᠢᠯᠯᠠᠭ᠎ᠠ ᠳᠤ ᠣᠷᠣᠰᠢᠵᠤ ᠪᠠᠶᠢᠭ᠎ᠠ ᠠᠮᠤᠷ ᠲᠦᠪᠰᠢᠨ ᠤ ᠬᠡᠮ ᠰᠣᠭᠤᠭ ᠪᠠ ᠳᠠᠯᠳᠠ ᠠᠶᠤᠯ ᠲᠦᠭᠰᠢᠭᠦᠷᠢ ᠶᠢ ᠲᠡᠷᠭᠡᠨ ᠤ ᠡᠵᠡᠨ ᠳᠤ ᠴᠠᠭ ᠲᠤᠬᠠᠶ ᠳᠤᠨᠢ ᠮᠡᠳᠡᠭᠳᠡᠬᠦ ᠶᠢᠨ ᠬᠠᠮᠲᠤ ᠲᠡᠷᠭᠡᠨ ᠤ ᠡᠵᠡᠨ ᠢ ︽ᠨᠢᠰᠦᠭᠡ ᠤᠲᠠᠰᠤ︾ ᠪᠠᠨ ᠳᠠᠷᠦ᠋ᠢᠬᠠᠨ ᠰᠢᠯᠵᠢᠭᠦᠯᠦᠨ ᠠᠷᠢᠯᠭᠠᠬᠤ ᠬᠡᠷᠡᠭᠲᠡᠶ᠃ ᠨᠢᠭᠤᠷᠲᠠᠨ ᠮᠡᠳᠡᠭᠳᠡᠵᠦ ᠳᠡᠶᠢᠯᠦᠭᠰᠡᠨ ᠥᠬᠡᠶ ᠲᠡᠷᠭᠡᠨ ᠤ ᠡᠵᠡᠨ᠂ ᠨᠡᠶᠢᠭᠡᠮ ᠲᠣᠭᠤᠷᠢᠭ ᠤᠨ ᠠᠵᠢᠯᠲᠠᠨ ᠪᠠ ᠠᠳᠠᠯ ᠠᠬᠤᠶ ᠶᠢᠨ ᠠᠵᠢᠯᠲᠠᠨ ᠴᠠᠬᠢᠯᠭᠠᠨ ᠴᠡᠨᠡᠭᠯᠡᠬᠦ ᠤᠲᠠᠰᠤ ᠶᠢ ᠳᠠᠷᠦ᠋ᠢᠬᠠᠨ ᠬᠤᠷᠢᠶᠠᠨ ᠠᠪᠬᠤ ᠶᠢᠨ ᠬᠠᠮᠲᠤ ᠲᠣᠰ ᠡᠷᠦᠬᠡ ᠳᠤ ᠮᠡᠳᠡᠭᠳᠡᠬᠦ ᠪᠢᠴᠢᠭ ᠨᠠᠭᠠᠬᠤ ᠬᠡᠷᠡᠭᠲᠡᠶ ᠭᠡᠵᠦ ᠱᠠᠭᠠᠷᠳᠠᠪᠠ᠃ ᠲᠣᠰ ᠤᠳᠠᠭᠠᠨ ᠤ ᠲᠤᠰᠬᠠᠶ ᠴᠡᠭᠴᠡᠯᠡᠨ ᠵᠠᠰᠠᠯᠲᠠ ᠪᠠᠷ ᠳᠡᠮᠵᠢᠨ᠂ ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠲᠣᠭᠤᠷᠢᠭ ᠲᠤ ᠣᠷᠣᠰᠢᠵᠤ ᠪᠠᠶᠢᠭ᠎ᠠ ᠠᠮᠤᠷ ᠲᠦᠪᠰᠢᠨ ᠤ ᠬᠡᠮ ᠰᠣᠭᠤᠭ ᠤᠨ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠰᠠᠭᠤᠭᠠᠯᠢ ᠠᠷᠠᠳ ᠤᠨ ᠲᠣᠭᠤᠷᠢᠭ ᠤᠨ ᠭᠠᠯ ᠤᠨᠲᠠᠷᠠᠭᠠᠬᠤ ᠠᠮᠤᠷ ᠲᠦᠪᠰᠢᠨ ᠤ ᠣᠷᠴᠢᠨ ᠲᠣᠭᠤᠷᠢᠨ ᠢ ᠪᠦᠲᠦᠮᠵᠢᠲᠡᠶ ᠴᠡᠪᠡᠷᠰᠢᠭᠦᠯᠪᠡ᠃     ᠳᠠᠷᠠᠭᠠᠴᠢ ᠶᠢᠨ ᠠᠯᠬᠤᠮ ᠳᠤ᠂ ᠱᠤᠸᠠᠩ ᠾᠧ ᠪᠠᠯᠭᠠᠰᠤ ᠶᠢᠨ ᠬᠢᠨ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ ᠰᠠᠶᠢᠲᠤᠷ ᠬᠢᠵᠦ᠂ ᠤᠯᠠᠨ ᠲᠦᠮᠡᠨ ᠤ ᠠᠮᠤᠷ ᠲᠦᠪᠰᠢᠨ ᠤ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠠᠷᠠᠳ ᠤᠯᠠᠨ ᠤ ᠠᠮᠤᠷ ᠲᠦᠪᠰᠢᠨ ᠤ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠤᠯᠠᠮ ᠳᠡᠭᠡᠭᠰᠢᠯᠡᠭᠦᠯᠦᠨ᠎ᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1