ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ 2021 ᠣᠨ ᠤ 26 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/12/26
      12 ᠳ᠋ᠤᠭᠠᠷ ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠭᠤᠤ ᠵᠧᠩ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ 2021 ᠣᠨ ᠤ 26 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ᠂ ᠠᠶᠤᠯᠭᠦᠶ ᠦᠶ᠋ᠯᠡᠳᠪᠦᠷᠢᠯᠡᠯ ᠤᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃
     ᠬᠤᠷᠠᠯ ᠠᠴᠠ 2021 ᠣᠨ ᠤ ᠡᠳ᠋ ᠤᠨ ᠵᠠᠰᠠᠭ ᠤᠨ ᠲᠥᠰᠦᠪ ᠤᠨ ᠲᠣᠬᠢᠷᠠᠭᠤᠯᠤᠯᠲᠠ ᠶᠢᠨ ᠲᠥᠰᠦᠯ᠂ ︽ᠲᠣᠭᠲᠠᠬᠤ ᠰᠢᠶᠠᠨ ᠤ 2021 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠦᠯᠦᠪᠵᠢᠭᠦᠯᠭᠡ ᠶᠢ  ᠭᠦᠢᠴᠡᠳᠭᠡᠭᠰᠡᠨ ᠪᠠᠶᠢᠳᠠᠯ ᠬᠢᠭᠡᠳ 2022 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠦᠯᠦᠪᠵᠢᠭᠦᠯᠭᠡ ᠶᠢᠨ ᠲᠥᠰᠦᠯ︾᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠶᠠᠷᠢᠯᠴᠠᠬᠤ ᠨᠣᠤᠷᠠᠭ︶︾ ᠵᠡᠷᠭᠡ ᠶᠠᠪᠤᠳᠠᠯ ᠤᠳ ᠢ ᠰᠤᠳᠤᠯᠤᠨ ᠶᠠᠷᠢᠯᠴᠠᠪᠠ︔ ᠠᠵᠤ ᠦᠢᠯᠡᠳᠪᠦᠷᠢ ᠶᠢᠨ ᠬᠦᠷᠢᠶᠡᠯᠡᠩ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ︽ᠬᠤᠶᠠᠷ ᠪᠠᠶᠠᠷ︾ ᠤᠨ ᠬᠤᠭᠤᠴᠠᠭᠠᠨ ᠳᠠᠬᠢ ᠠᠶᠤᠯᠭᠦᠶ ᠦᠢᠯᠡᠳᠪᠦᠷᠢᠯᠡᠯ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠪᠣᠯ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠦᠨᠳᠦᠰᠦᠨ ᠱᠠᠲᠤᠨ ᠤ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠮᠥᠨ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠴᠢᠨᠠᠭᠰᠢᠳᠠ ᠨᠠᠷᠢᠯᠢᠬᠵᠢᠭᠤᠯᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠢᠭ ᠢ ᠡᠵᠡᠮᠳᠡᠵᠦ᠂ ᠪᠠᠷᠢᠮᠵᠢᠶ᠎ᠠ ᠶᠢᠨ ᠱᠠᠭᠠᠷᠳᠠᠯᠭ᠎ᠠ ᠲᠠᠢ ᠬᠠᠷᠢᠴᠠᠭᠤᠯᠵᠤ᠂ ᠨᠡᠩ ᠡᠷᠡᠰ ᠪᠠᠲᠤ ᠵᠣᠭᠰᠣᠯᠲᠠ᠂ ᠨᠡᠩ ᠪᠣᠳᠠᠲᠠᠢ ᠶᠢ ᠡᠷᠬᠢᠮᠯᠡᠬᠦ ᠰᠤᠷᠲᠠᠯ᠂ ᠨᠡᠩ ᠲᠥᠪ ᠴᠢᠩᠭ᠎ᠠ ᠰᠠᠬᠢᠯᠭ᠎ᠠ ᠪᠠᠲᠤ ᠪᠠᠷ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠨᠠᠷᠢᠨ ᠪᠣᠳᠠᠲᠠᠢ ᠠᠳᠬᠤᠬᠤ ᠬᠡᠷᠡᠭᠲᠡᠢ᠃ ᠠᠵᠤ ᠦᠢᠯᠡᠳᠪᠦᠷᠢ ᠶᠢᠨ ᠬᠦᠷᠢᠶᠡᠯᠡᠩ ᠨᠢ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠵᠢᠭᠰᠠᠭᠠᠨ ᠪᠠᠶᠢᠴᠠᠭᠠᠬᠤ᠂ ᠴᠡᠭᠴᠡᠯᠡᠨ ᠰᠠᠶᠢᠵᠢᠷᠠᠭᠤᠯᠬᠤ᠂ ᠪᠠᠬᠢᠵᠢᠭᠦᠯᠬᠦ᠂ ᠳᠡᠭᠡᠭᠰᠢᠯᠡᠭᠦᠯᠬᠦ ᠵᠡᠷᠭᠡ ᠡᠯ᠎ᠡ ᠭᠤᠭᠴᠤᠭ᠎ᠠ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠬᠤ ᠬᠡᠷᠡᠭᠲᠡᠶ᠃ ᠲᠥᠰᠦᠯ ᠤᠨ ᠠᠵᠢᠯ ᠤᠨ ᠬᠤᠪᠢᠶᠠᠷᠢᠯᠠᠯ ᠶᠣᠰᠣᠭᠠᠷ᠂ ᠲᠣᠰ ᠲᠣᠰ ᠤᠨ ᠬᠠᠷᠢᠭᠤᠴᠠᠯᠭ᠎ᠠ ᠪᠠᠨ  ᠭᠦᠢᠴᠡᠳᠭᠡᠵᠦ᠂ ᠨᠢᠭᠲᠠ ᠬᠠᠮᠵᠢᠯᠴᠠᠨ᠂ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠭᠠᠵᠠᠷ ᠰᠢᠷᠣᠶ ᠶᠢᠨ ᠬᠠᠮᠢᠶᠠᠷᠤᠯᠲᠠ᠂ ᠪᠠᠯᠠ ᠮᠥᠩᠭᠦ ᠶᠢᠨ ᠬᠠᠮᠢᠶᠠᠷᠤᠯᠲᠠ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠬᠥᠮᠦᠨ ᠰᠣᠩᠭᠤᠵᠤ ᠬᠥᠮᠦᠨ ᠬᠡᠷᠡᠭᠯᠡᠬᠦ ᠵᠡᠷᠭᠡ ᠲᠠᠯ᠎ᠠ ᠪᠠᠷ ᠨᠠᠷᠢᠨ ᠬᠢᠨᠠᠮᠠᠭᠠᠶ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ᠂ ᠬᠤᠣᠰ ᠪᠠᠶᠠᠷ ᠤᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠭᠡᠮ ᠰᠣᠭᠤᠭ ᠢ ᠪᠠᠶᠢᠴᠠᠭᠠᠨ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ᠂ ᠬᠦᠨᠳᠦ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠨᠡᠶᠢᠭᠡᠮ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠳᠤᠮᠳᠠ ᠦᠨᠳᠦᠷ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠲᠤᠭᠳᠠᠬᠤ ᠰᠢᠶᠠᠨ ᠳᠤ ᠢᠷᠡᠬᠦ ᠬᠥᠮᠦᠰ ᠢ ᠬᠢᠨᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠰᠠᠮᠠᠯ ᠵᠠᠮ ᠤᠨ ᠪᠠᠶᠢᠴᠠᠭᠠᠨ ᠰᠢᠯᠭᠠᠬᠤ ᠴᠢᠭ ᠪᠠ ︽ᠬᠤᠶᠠᠷ ᠥᠷᠲᠡᠭᠡ︾ ᠶᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠥᠬᠡᠶ ᠰᠠᠶᠢᠲᠤᠷ ᠠᠳᠬᠤᠬᠤ ᠬᠡᠷᠡᠭᠲᠡᠶ︔ ᠭᠠᠳᠠᠭᠠᠳᠤ ᠠᠴᠠ ᠣᠷᠣᠭᠤᠯᠬᠤ ᠪᠠ ᠳᠤᠮᠳᠠ ᠦᠨᠳᠦᠷ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠢᠷᠡᠬᠦ ᠡᠳ᠋ ᠪᠣᠳᠠᠰ ᠢ ᠥᠯᠢᠭᠡᠷ ᠠᠪᠴᠤ ᠪᠠᠶᠢᠴᠠᠭᠠᠨ ᠰᠢᠯᠭᠠᠬᠤ ᠠᠵᠢᠯ ᠢ ᠰᠠᠶᠢᠲᠤᠷ ᠠᠳᠬᠤᠵᠤ᠂ ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡ᠂ ᠬᠥᠮᠥᠷᠭᠡᠯᠡᠨ ᠬᠠᠳᠠᠭᠠᠯᠠᠬᠤ᠂ ᠲᠦᠷᠭᠡᠨ ᠬᠦᠷᠭᠡᠬᠦ ᠪᠠᠷᠠᠭᠠᠨ ᠤ ᠭᠦᠢᠯᠭᠡᠭᠡᠨ ᠤ ᠠᠵᠢᠯᠲᠠᠳ ᠲᠤ ᠲᠣᠭᠲᠠᠮᠠᠯ ᠬᠤᠭᠤᠴᠠᠭ᠎ᠠ ᠲᠠᠢ ᠪᠠᠷ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠪᠠ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ ᠬᠡᠷᠡᠭᠲᠡᠶ︔ ᠬᠤᠳᠠᠯᠳᠤᠭᠠᠨ ᠤ ᠲᠠᠯᠠᠪᠤᠷ᠂ ᠵᠣᠴᠢᠳ ᠤᠨ ᠪᠠᠭᠤᠳᠠᠯ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠬᠥᠮᠦᠨ ᠣᠯᠠᠨ ᠴᠤᠭᠯᠠᠷᠠᠳᠠᠭ ᠭᠠᠵᠠᠷ ᠲᠠᠯᠠᠪᠤᠷ ᠤᠳ ᠺᠣᠳ᠋ ᠰᠢᠷᠪᠢᠬᠦ᠂ ᠳᠤᠯᠠᠭᠠᠨ ᠢ ᠬᠡᠮᠵᠢᠬᠦ᠂ ᠠᠮᠠᠪᠴᠢ ᠵᠡᠭᠦᠬᠦ᠂ ᠰᠠᠯᠬᠢ ᠨᠡᠪᠲᠡᠷᠡᠭᠦᠯᠦᠨ ᠠᠷᠢᠭᠤᠳᠬᠠᠬᠤ ᠵᠡᠷᠭᠡ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠬᠤ ᠪᠠ ᠠᠩᠬ᠎ᠠ ᠣᠨᠣᠰᠢᠯᠠᠬᠤ ᠬᠠᠷᠢᠭᠤᠴᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠢᠯᠵᠢᠯᠳᠡ ᠶᠢ ᠪᠠᠶᠢᠴᠠᠭᠠᠬᠤ ᠡᠩᠨᠡᠭᠡ ᠶᠢᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ᠂ ᠸᠠᠺᠼᠢᠨ ᠤ ᠲᠠᠷᠢᠯᠭ᠎ᠠ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠶ᠃ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠨ ᠵᠠᠰᠠᠬᠤ ᠶᠢ ᠴᠢᠩᠭᠠᠳᠬᠠᠵᠤ᠂ ᠠᠵᠤ  ᠦᠢᠯᠡᠳᠪᠦᠷᠢ ᠶᠢᠨ ᠠᠵᠤ ᠠᠬᠤᠶᠢᠯᠠᠯ᠂ ᠣᠨᠴᠠ ᠲᠥᠷᠥᠯ ᠤᠨ ᠲᠥᠬᠦᠭᠡᠷᠦᠮᠵᠢ᠂ ᠵᠠᠮ ᠬᠠᠷᠢᠯᠴᠠᠭ᠎ᠠ᠂ ᠠᠶᠤᠯᠲᠠᠶ ᠬᠢᠮᠢ ᠶᠢᠨ ᠪᠣᠳᠠᠰ᠂ ᠬᠤᠸᠠᠷ ᠫᠤᠤᠵᠢᠩ᠂ ᠰᠢᠲᠠᠮᠠᠬᠠᠶ ᠬᠡᠶ ᠵᠡᠷᠭᠡ ᠲᠠᠯ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ ᠣᠨᠴᠠᠭᠠᠶ ᠴᠠᠭ ᠠᠭᠤᠷ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠪᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠴᠢᠩᠭᠠᠳᠬᠠᠵᠤ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠠᠬᠢ ᠵᠠᠮ ᠬᠠᠷᠢᠯᠴᠠᠭᠠᠨ ᠤ ᠰᠠᠭᠠᠳ ᠥᠬᠡᠶ ᠨᠡᠪᠲᠡᠷᠡᠬᠦ ᠪᠠ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠳᠤᠯᠠᠬᠤ ᠬᠡᠷᠡᠭᠳᠡᠢ ᠭᠡᠵᠦ ᠱᠠᠭᠠᠷᠳᠠᠪᠠ᠃      ᠬᠤᠷᠠᠯ ᠠᠴᠠ ᠱᠠᠭᠠᠷᠳᠠᠭᠰᠠᠨ ᠨᠢ᠂ ︽ᠬᠠᠷᠢᠶ᠎ᠠ ᠣᠷᠣᠨ ᠳᠤᠨᠢ ᠬᠠᠮᠢᠶᠠᠷᠤᠭᠤᠯᠵᠤ᠂ ᠡᠬᠢ ᠡᠭᠦᠰᠦᠯ ᠠᠴᠠ ᠨᠢ ᠵᠠᠰᠠᠬᠤ︾ ᠵᠠᠷᠴᠢᠮ ᠶᠣᠰᠣᠭᠠᠷ᠂ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ᠂ ᠬᠥᠯᠥᠰᠥᠨ ᠠᠵᠢᠯᠴᠢᠨ ᠤ ᠴᠠᠯᠢᠩ ᠢ ᠣᠯᠭᠤᠬᠤ᠂ ᠭᠤᠤᠯᠳᠠᠯᠭ᠎ᠠ ᠲᠠᠢ ᠬᠥᠮᠦᠰ ᠢ ᠲᠣᠭᠲᠠᠭᠤᠨ ᠢᠶᠠᠷ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠴᠠᠬᠢᠯᠭᠠᠨ ᠬᠤᠯᠪᠣᠭ᠎ᠠ ᠰᠦᠯᠵᠢᠶ᠎ᠡ ᠪᠠᠷ ᠮᠡᠬᠡᠯᠡᠬᠦ᠂ ︽ᠱᠠᠯᠢᠭ ᠵᠠᠪᠬᠠᠶ᠂ ᠵᠣᠭᠤᠰ ᠨᠠᠭᠠᠳᠬᠤ᠂ ᠬᠤᠤᠷᠲᠤ ᠡᠳ᠋ ᠫᠠᠨᠽᠠᠯᠠᠬᠤ︾᠂ ︽ᠬᠤᠯᠠᠭᠠᠶᠢᠯᠠᠬᠤ ᠪᠤᠯᠢᠶᠠᠬᠤ ᠮᠡᠬᠡᠯᠡᠬᠦ︾ ᠵᠡᠷᠭᠡ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠭᠤᠤᠯᠳᠠᠯᠭ᠎ᠠ ᠲᠠᠢ ᠴᠣᠬᠢᠯᠲᠠ ᠥᠭᠴᠦ᠂ ︽ᠬᠤᠶᠠᠷ ᠪᠠᠶᠠᠷ︾ ᠤᠨ ᠬᠤᠭᠤᠴᠠᠭᠠᠨ ᠳᠠᠬᠢ ᠨᠡᠶᠢᠭᠡᠮ ᠤᠨ ᠠᠮᠤᠷ ᠲᠣᠭᠲᠠᠭᠤᠨ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠃ ᠪᠠᠶᠠᠷ ᠤᠨ ᠡᠳᠦᠷ ᠤᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ᠂ ᠨᠡᠭᠦᠷᠡᠰᠦ ᠴᠠᠬᠢᠯᠭᠠᠨ ᠲᠤᠰᠤ ᠬᠡᠢ ᠢᠯᠴᠢ ᠠᠮᠤ ᠪᠤᠳᠠᠭ᠎ᠠ ᠲᠤᠰᠤ ᠮᠢᠬ᠎ᠠ ᠥᠨᠳᠡᠭᠡ ᠢᠳᠡᠰᠢᠨ ᠨᠣᠭᠤᠭ᠎ᠠ ᠵᠡᠷᠭᠡ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠵᠤ᠂ ᠡᠯ᠎ᠡ ᠲᠦᠷᠦᠯ ᠤᠨ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠬᠠᠩᠭᠠᠯᠭ᠎ᠠ ᠭᠦᠢᠴᠡᠳ᠂ ᠦᠨ᠎ᠡ ᠬᠠᠩᠰᠢ ᠶᠢᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ᠂ ᠬᠦᠨᠳᠦ ᠡᠪᠡᠳᠴᠢᠨ ᠲᠠᠢ᠂ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ᠂ ᠬᠡᠷ ᠲᠡᠭᠡᠨ ᠬᠤᠴᠣᠷᠤᠭᠰᠠᠨ ᠬᠡᠤᠬᠡᠳ ᠵᠡᠷᠭᠡ ᠬᠦᠴᠢᠷᠳᠡᠯᠲᠡᠶ ᠬᠥᠮᠦᠰ ᠵᠢᠴᠢ ᠶᠠᠳᠠᠭᠤ ᠠᠴᠠ ᠠᠩᠭᠢᠵᠢᠷᠠᠭᠰᠠᠨ ᠲᠣᠭᠲᠠᠭᠤᠨ ᠪᠤᠰᠤ ᠬᠥᠮᠦᠨ ᠠᠮᠠ᠂ ᠭᠡᠨᠡᠳᠲᠡ ᠡᠭᠦᠰᠦᠭᠰᠡᠨ ᠬᠦᠨᠳᠦ ᠨᠣᠴᠢᠲᠠᠶ ᠬᠦᠴᠢᠷᠳᠡᠯᠲᠡᠶ ᠡᠷᠦᠬᠡ ᠶᠢ ᠬᠠᠯᠠᠮᠵᠢᠯᠠᠨ ᠲᠡᠳᠬᠦᠬᠦ ᠶᠢ ᠴᠢᠩᠭᠠᠳᠬᠠᠬᠤ ᠬᠡᠷᠡᠭᠲᠡᠶ᠃ ᠪᠠᠶᠠᠷ ᠤᠨ ᠡᠳᠦᠷ ᠤᠨ ᠬᠤᠭᠤᠴᠠᠭᠠᠨ ᠳᠤ ᠰᠣᠶᠣᠯ ᠢ ᠦᠨᠳᠦᠰᠦᠨ ᠱᠠᠲᠤᠨ ᠳᠤ ᠬᠦᠷᠭᠡᠬᠦ ᠠᠵᠢᠯᠯᠠᠭ᠎ᠠ ᠶᠢ ᠰᠠᠶᠢᠲᠤᠷ ᠬᠢᠵᠦ᠂ ᠤᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠬᠦᠴᠢᠷᠳᠡᠯ ᠲᠠᠢ ᠤᠯᠠᠨ ᠲᠦᠮᠡᠨ ᠢ ᠰᠡᠳᠬᠢᠯ ᠲᠠᠯᠪᠢᠨ ᠬᠠᠶᠢᠷᠠᠯᠠᠨ ᠬᠠᠯᠠᠮᠵᠢᠯᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠦᠨ᠎ᠡ᠃ 24 ᠴᠠᠭ ᠢᠶᠠᠷ ᠵᠢᠵᠢᠭᠦᠷᠯᠡᠬᠦ ᠪᠠ ᠤᠳᠤᠷᠢᠳᠬᠤ ᠺᠠᠳ᠋ᠷ ᠠᠵᠢᠯ ᠤᠨ ᠪᠠᠶᠢᠷᠢ ᠳᠡᠭᠡᠷ᠎ᠡ ᠪᠠᠨ ᠡᠭᠡᠯᠵᠢ ᠳᠠᠭᠠᠭᠤᠯᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠺᠠᠳ᠋ᠷ ᠠᠵᠢᠯ ᠤᠨ ᠪᠠᠶᠢᠷᠢ ᠪᠠᠨ ᠴᠢᠩᠭ᠎ᠠ ᠰᠠᠬᠢᠵᠦ ᠤᠯᠠᠨ ᠲᠦᠮᠡᠨ ᠤ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠪᠡᠶᠡᠯᠡᠭᠦᠯᠬᠦ ᠬᠡᠷᠡᠭᠲᠡᠢ ᠭᠡᠵᠡᠢ᠃      ᠰᠢᠶᠠᠨ ᠤ ᠤᠳᠤᠷᠢᠳᠤᠯᠭ᠎ᠠ ᠯᠢᠦ ᡁᠢ ᠴᠢᠶᠠᠩ᠂ ᠶᠠᠩ ᠶᠢᠨ᠂ ᠰᠢᠶᠧ ᠴᠦᠨ ᠯᠦᠩ᠂ ᠠᠵᠤ  ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠢᠶᠤᠤ ᠸᠧᠨ ᠸᠧᠶ᠂ ᠡᠯ᠎ᠡ ᠪᠠᠯᠭᠠᠰᠤ᠂ ᠬᠠᠲᠤᠨ ᠭᠤᠤᠯ ᠤᠨ ᠨᠤᠭᠤ ᠭᠠᠵᠠᠷ ᠤᠨ ᠬᠠᠮᠢᠶᠠᠷᠤᠯᠲᠠ ᠬᠠᠮᠠᠭᠠᠯᠠᠯᠲᠠ ᠶᠢᠨ ᠲᠥᠪ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1