ᠰᠢᠶᠠᠨ ᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠰᠢᠶᠠᠨ ᠢ ᠵᠠᠰᠠᠬᠤ ᠠᠵᠢᠯ ᠤᠨ ᠬᠤᠷᠠᠯᠳᠤᠭᠠᠨ ᠬᠤᠷᠠᠯᠳᠤᠪᠠ
ᠨᠡᠶᠢᠲᠡᠯᠡᠭᠰᠡᠨ ᠴᠠᠭ᠄
2021/12/26
      12 ᠳ᠋ᠤᠭᠠᠷ ᠰᠠᠷ᠎ᠠ ᠶᠢᠨ 24 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠯᠢ ᠴᠦᠨ ᠶᠠᠨ ᠰᠢᠶᠠᠨ ᠤ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠰᠢᠶᠠᠨ ᠢ ᠵᠠᠰᠠᠬᠤ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠪᠥᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠰᠢᠶᠠᠨ ᠤ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭᠠᠨ ᠤ ᠴᠢᠬᠤᠯᠠ ᠶᠡᠭᠡ ᠵᠠᠷᠴᠢᠮ ᠢ ᠪᠠᠲᠤ ᠡᠵᠡᠮᠳᠡᠵᠦ᠂ ᠬᠠᠤᠯᠢᠵᠢᠯ ᠤᠨ ᠲᠣᠭᠲᠠᠬᠤ ᠶᠢᠨ ᠪᠠᠶᠢᠭᠤᠯᠤᠯᠲᠠ ᠶᠢᠨ ᠵᠥᠪ ᠴᠢᠭᠯᠡᠯ ᠢᠶᠠᠷ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠬᠠᠤᠯᠢ ᠪᠠᠷ ᠵᠠᠰᠠᠬᠤ ᠪᠠᠶᠢᠭᠤᠯᠤᠯᠲᠠ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠳᠤ ᠣᠷᠣᠭᠤᠯᠤᠨ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠵᠦ᠂ ᠬᠠᠤᠯᠢ ᠬᠡᠷᠡᠭᠵᠢᠭᠦᠯᠬᠦ᠂ ᠬᠠᠤᠯᠢ ᠪᠠᠷᠢᠬᠤ᠂ ᠬᠠᠤᠯᠢ ᠶᠢ ᠰᠠᠬᠢᠬᠤ ᠡᠯ᠎ᠡ ᠵᠠᠩᠭᠢᠯᠠᠭ᠎ᠠ ᠠᠴᠠ ᠬᠦᠴᠦᠯᠡᠵᠦ᠂ ᠬᠠᠤᠯᠢ ᠶᠣᠰᠣᠭᠠᠷ ᠵᠠᠰᠠᠬᠤ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠡᠯ᠎ᠡ ᠵᠠᠩᠭᠢᠯᠠᠭ᠎ᠠ ᠶᠢᠨ ᠬᠠᠷᠢᠯᠴᠠᠨ ᠨᠡᠪᠲᠡᠷᠡᠯᠴᠡᠬᠦ᠂ ᠵᠣᠯᠭᠠᠯᠳᠤᠨ ᠢᠵᠢ ᠪᠦᠷᠢᠳᠦᠬᠦ ᠶᠢ ᠠᠬᠢᠭᠤᠯᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠬᠠᠤᠯᠢ ᠪᠠᠷ ᠵᠠᠰᠠᠬᠤ ᠲᠣᠭᠲᠠᠬᠤ ᠶᠢᠨ ᠪᠠᠶᠢᠭᠤᠯᠤᠯᠲᠠ ᠶᠢ ᠠᠬᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ ᠪᠠᠷ ᠬᠠᠷᠠᠯᠲᠠ ᠪᠣᠯᠭᠠᠵᠤ᠂ ᠠᠷᠠᠳ ᠤᠯᠠᠨ ᠤ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠬᠦᠰᠡᠯ ᠡᠷᠡᠮᠡᠯᠵᠡᠯ ᠢ ᠬᠠᠩᠭᠠᠬᠤ ᠶᠢ ᠪᠣᠳᠣᠯᠬᠢᠯᠠᠵᠤ᠂ ᠵᠠᠰᠠᠭ ᠵᠠᠬᠢᠷᠭᠠᠨ ᠤ ᠠᠵᠢᠯᠯᠠᠭ᠎ᠠ ᠶᠢ ᠦᠷᠭᠦᠯᠵᠢᠯᠡᠨ ᠵᠢᠷᠤᠮᠵᠢᠭᠤᠯᠵᠤ᠂ ᠠᠯᠢᠪᠠ ᠵᠠᠰᠠᠭ ᠵᠠᠬᠢᠷᠭᠠᠨ ᠤ ᠪᠠᠶᠢᠭᠤᠯᠤᠯᠭ᠎ᠠ ᠡᠷᠬᠡᠪᠰᠢ ᠠᠷᠠᠳ ᠲᠦᠮᠡᠨ ᠳᠤ ᠦᠢᠯᠡᠴᠢᠯᠡᠬᠦ᠂ ᠠᠷᠠᠳ ᠲᠦᠮᠡᠨ ᠳᠤ ᠬᠠᠷᠢᠭᠤᠴᠠᠬᠤ᠂ ᠠᠷᠠᠳ ᠲᠦᠮᠡᠨ ᠤ ᠬᠢᠨᠠᠯᠲᠠ ᠶᠢ ᠬᠦᠯᠢᠶᠡᠬᠦ ᠵᠠᠷᠴᠢᠮ ᠢ ᠪᠠᠷᠢᠮᠲᠠᠯᠠᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠬᠠᠤᠯᠢᠵᠢᠯ ᠤᠨ ᠵᠠᠰᠠᠭ ᠤᠨ ᠣᠷᠳᠣᠨ ᠢ ᠪᠦᠬᠦ ᠲᠠᠯ᠎ᠠ ᠪᠠᠷ ᠪᠠᠶᠢᠭᠤᠯᠬᠤ ᠬᠡᠷᠡᠭᠲᠡᠢ᠃ ᠠᠷᠠᠳ ᠤᠯᠠᠨ ᠤ ᠲᠥᠪ ᠭᠤᠣᠯᠴᠢ ᠰᠢᠳᠤᠷᠭᠤ ᠶᠣᠰᠣᠨ ᠤ ᠬᠦᠰᠡᠯ ᠡᠷᠡᠮᠡᠯᠵᠡᠯ ᠢ ᠪᠡᠶᠡᠯᠡᠭᠦᠯᠬᠦ ᠶᠢ ᠪᠣᠳᠣᠯᠬᠢᠯᠠᠵᠤ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠡᠷᠬᠡ ᠶᠢᠨ ᠠᠵᠢᠯᠯᠠᠭᠠᠨ ᠲᠠᠢ ᠵᠣᠬᠢᠴᠠᠭᠰᠠᠨ᠂ ᠵᠢᠷᠤᠮᠵᠢᠭᠤᠨ ᠪᠥᠭᠡᠳ ᠥᠨᠳᠥᠷ ᠪᠦᠲᠦᠮᠵᠢᠲᠡᠶ ᠬᠢᠵᠠᠭᠠᠷᠯᠠᠬᠤ ᠪᠠ ᠬᠢᠨᠠᠯᠲᠠ ᠲᠠᠯᠪᠢᠬᠤ ᠰᠢᠰᠲ᠋ᠧᠮ ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠠᠵᠢᠯ ᠤᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠬᠦᠴᠦᠯᠡᠨ ᠳᠡᠭᠡᠭᠰᠢᠯᠡᠭᠦᠯᠵᠦ᠂ ᠤᠯᠤᠰ ᠲᠦᠷᠦ ᠬᠠᠤᠯᠢ ᠴᠠᠭᠠᠵᠠ ᠶᠢᠨ ᠬᠦᠷᠢᠶᠡᠨ ᠳᠠᠬᠢ ᠪᠦᠬᠦ ᠲᠠᠯ᠎ᠠ ᠶᠢᠨ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠶ᠃ ᠠᠷᠠᠳ ᠤᠯᠠᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠬᠤ ᠶᠢ ᠪᠣᠳᠣᠯᠬᠢᠯᠠᠵᠤ᠂ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢᠨ ᠠᠬᠢᠴᠠ ᠶᠢ ᠲᠦᠷᠭᠡᠪᠴᠢᠯᠡᠨ ᠠᠬᠢᠭᠤᠯᠵᠤ᠂ ᠠᠷᠠᠳ ᠤᠯᠠᠨ ᠳᠤ ᠲᠦᠭᠡᠮᠡᠯ ᠠᠰᠢᠭ ᠬᠦᠷᠲᠡᠭᠡᠬᠦ ᠨᠢ ᠠᠳᠠᠯᠢ ᠲᠡᠭᠰᠢ᠂ ᠳᠥᠭᠦᠮ ᠳᠥᠲᠡ ᠥᠨᠳᠥᠷ ᠪᠦᠲᠦᠮᠵᠢᠲᠡᠶ᠂ ᠣᠶᠤᠨᠴᠢ ᠨᠠᠷᠢᠯᠢᠭ ᠣᠨᠣᠴᠠᠲᠠᠶ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠬᠤ ᠪᠠᠷ ᠴᠢᠷᠮᠠᠶᠢᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ᠂ ᠰᠢᠶᠠᠨ ᠤ ᠨᠠᠮ ᠤᠨ ᠬᠤᠷᠢᠶ᠎ᠠ ᠲᠦᠷᠦᠭᠦᠯᠡᠨ ᠪᠦᠬᠦ ᠲᠠᠯ᠎ᠠ ᠪᠠᠷ ᠬᠠᠤᠯᠢ ᠪᠠᠷ ᠰᠢᠶᠠᠨ ᠢ ᠵᠠᠰᠠᠬᠤ ᠶᠡᠷᠦᠩᠬᠡᠢ ᠠᠵᠢᠯ ᠢ ᠠᠳᠬᠤᠬᠤ᠂ ᠪᠣᠭᠤᠮᠲᠠ ᠶᠢ ᠡᠵᠡᠮᠳᠡᠬᠦ ᠴᠢᠭᠯᠡᠯ ᠤᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠰᠢᠶᠠᠨ ᠤ ᠨᠠᠮ ᠤᠨ ᠬᠤᠷᠢᠶᠠᠨ ᠤ ᠬᠠᠤᠯᠢ ᠶᠣᠰᠣᠭᠠᠷ ᠰᠢᠶᠠᠨ ᠢ ᠵᠠᠰᠠᠬᠤ ᠠᠯᠪᠠᠨ ᠭᠡᠷ ᠨᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠱᠠᠯᠠᠪᠳᠠᠭᠤᠯᠤᠨ ᠪᠠᠶᠢᠴᠠᠭᠠᠬᠤ᠂ ᠨᠠᠶᠢᠳᠠᠪᠤᠷᠢᠵᠢᠭᠤᠯᠬᠤ ᠶᠢ ᠠᠬᠢᠭᠤᠯᠬᠤ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠬᠦ ᠬᠡᠷᠡᠭᠲᠡᠢ᠃ ᠰᠢᠶᠠᠨ ᠤ ᠨᠠᠮ ᠤᠨ ᠬᠤᠷᠢᠶᠠᠨ ᠤ ᠬᠠᠤᠯᠢ ᠪᠠᠷ ᠰᠢᠶᠠᠨ ᠢ ᠵᠠᠰᠠᠬᠤ ᠡᠯ᠎ᠡ ᠵᠣᠬᠢᠴᠠᠭᠤᠯᠬᠤ ᠳᠤᠭᠤᠶᠢᠯᠠᠩ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠪᠦᠷᠢᠯᠳᠦᠬᠦᠨ ᠨᠢᠭᠡᠴᠡ ᠶᠢ ᠰᠢᠪᠠᠳᠠᠨ ᠵᠢᠯᠣᠭᠤᠳᠴᠤ ᠪᠠᠶᠢᠭᠠᠳ ᠡᠯ᠎ᠡ ᠵᠦᠢᠯ ᠤᠨ ᠠᠵᠢᠯ ᠢᠶᠠᠨ ᠰᠠᠶᠢᠲᠤᠷ ᠥᠷᠨᠢᠭᠦᠯᠬᠦ ᠬᠡᠷᠡᠭᠲᠡᠶ᠃ ᠡᠯ᠎ᠡ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠪᠦᠬᠦ ᠲᠠᠯ᠎ᠠ ᠪᠠᠷ ᠬᠠᠤᠯᠢ ᠪᠠᠷ ᠰᠢᠶᠠᠨ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠬᠦ ᠬᠡᠷᠡᠭᠲᠡᠢ᠃ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠬᠠᠤᠯᠢ ᠪᠠᠷ ᠲᠣᠭᠲᠠᠭᠠᠭᠰᠠᠨ ᠡᠷᠬᠡ ᠶᠢᠨ ᠬᠡᠪᠴᠢᠶ᠎ᠡ ᠪᠠ ᠵᠢᠷᠤᠮ ᠢ ᠴᠢᠩᠭ᠎ᠠ ᠵᠢᠷᠤᠮᠯᠠᠨ ᠡᠷᠬᠡ ᠪᠠᠨ ᠬᠡᠷᠡᠭᠵᠢᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠶ᠃ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠦᠢᠯᠡᠳᠦᠯ ᠢᠶᠠᠨ ᠦᠨᠡᠨ ᠬᠦ ᠪᠠᠳᠠᠷᠠᠭᠤᠯᠵᠤ᠂ ᠬᠠᠤᠯᠢ ᠪᠠᠷ ᠵᠠᠰᠠᠬᠤ ᠤᠬᠠᠮᠰᠠᠷ ᠪᠠ ᠬᠠᠤᠯᠢ ᠪᠠᠷ ᠵᠠᠰᠠᠬᠤ ᠦᠵᠡᠯᠲᠡ ᠪᠠᠨ ᠦᠨᠡᠨ ᠬᠦ ᠴᠢᠩᠭᠠᠳᠬᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠡᠶᠢᠭᠡᠮ ᠳᠠᠶᠠᠭᠠᠷ ᠤᠨ ᠶᠣᠰᠣ ᠮᠣᠷᠠᠯ ᠢ ᠡᠷᠬᠢᠮᠯᠡᠨ ᠰᠠᠶᠢᠨ ᠢ ᠡᠷᠬᠢᠮᠯᠡᠬᠦ᠂ ᠬᠠᠤᠯᠢ ᠶᠢ ᠬᠦᠨᠳᠦᠳᠬᠡᠨ ᠬᠠᠤᠯᠢ ᠶᠢ ᠰᠠᠬᠢᠬᠤ ᠶᠢ ᠳᠠᠶᠢᠴᠢᠯᠠᠬᠤ ᠬᠡᠷᠡᠭᠲᠡᠶ ᠭᠡᠵᠦ ᠱᠠᠭᠠᠷᠳᠠᠪᠠ᠃      ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠱᠤᠸᠠᠩ ᠾᠧ ᠪᠠᠯᠭᠠᠰᠤ᠂ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠪᠡ᠃      ᠰᠢᠶᠠᠨ ᠭᠠᠵᠠᠷ ᠤᠨ ᠲᠡᠰ ᠤᠨ ᠬᠤᠯᠪᠣᠭᠳᠠᠯ ᠪᠦᠬᠦᠢ ᠤᠳᠤᠷᠢᠳᠤᠯᠭ᠎ᠠ᠂ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ  ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1