ᠰᠢᠶᠠᠨ ᠤ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠥᠪᠯᠡᠯ ᠤᠨ ᠬᠤᠷᠠᠯ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/26
      12 ᠳ᠋ᠤᠭᠠᠷ ᠰᠠᠷ᠎ᠠ ᠶᠢᠨ 24 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ᠂ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠢᠭᠡᠳᠦᠭᠡᠷ ᠱᠦᠵᠢ ᠯᠢ ᠴᠦᠨ ᠶᠠᠨ ᠰᠢᠶᠠᠨ ᠤ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠥᠪᠯᠡᠯ ᠤᠨ ᠬᠤᠷᠠᠯ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠲᠤᠰᠢᠶᠠᠯ ᠤᠨ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠵᠦ᠂ ᠰᠢ ᠶᠢᠨ ᠫᠢᠩ ᠤᠨ ᠴᠡᠷᠢᠭ ᠢᠶᠠᠨ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ ᠠᠵᠢᠯ ᠤᠨ ᠲᠤᠬᠠᠢ ᠲᠥᠪ  ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠵᠢᠭᠠᠪᠤᠷᠢ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠶᠢᠨ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠲᠤᠰᠢᠶᠠᠯ ᠤᠨ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠪᠦᠬᠦ ᠰᠢᠶᠠᠨ ᠤ ᠵᠡᠪᠰᠡᠭᠲᠦ ᠬᠦᠴᠦᠨ ᠤ ᠠᠵᠢᠯ ᠤᠨ ᠬᠤᠯᠪᠣᠭᠳᠠᠯ ᠪᠦᠬᠦᠢ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠮᠠᠨ ᠤ ᠰᠢᠶᠠᠨ ᠤ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠯᠠᠪᠳᠠᠭᠤᠨ ᠪᠠᠲᠤᠲᠠᠢ ᠠᠬᠢᠭᠤᠯᠪᠠ᠃      ᠬᠤᠷᠠᠯ ᠠᠴᠠ᠂ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠪᠠᠷ ᠰᠦᠭ ᠰᠦᠨᠡᠰᠦ ᠶᠢ ᠱᠤᠭᠤᠵᠤ ᠬᠥᠮᠦᠨ ᠢ ᠬᠥᠮᠦᠵᠢᠭᠦᠯᠬᠦ ᠶᠢ ᠪᠠᠷᠢᠮᠲᠠᠯᠠᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠤᠯᠤᠰ ᠲᠦᠷᠦ ᠪᠠᠷ ᠴᠡᠷᠢᠭ ᠤᠨ ᠪᠠᠶᠢᠭᠤᠯᠤᠯᠲᠠ ᠶᠢ ᠵᠠᠰᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠵᠡᠪᠰᠡᠭᠲᠦ ᠬᠦᠴᠦᠨ ᠢ ᠬᠠᠮᠢᠶᠠᠷᠬᠤ᠂ ᠵᠡᠪᠰᠡᠭᠲᠦ ᠬᠦᠴᠦᠨ ᠢ ᠪᠠᠶᠢᠭᠤᠯᠬᠤ᠂ ᠵᠡᠪᠰᠡᠭᠲᠦ ᠬᠦᠴᠦᠨ ᠢ ᠬᠦᠴᠦᠷᠬᠡᠭᠵᠢᠭᠦᠯᠬᠦ ᠤᠯᠤᠰ ᠲᠦᠷᠦ ᠶᠢᠨ ᠤᠬᠠᠮᠰᠠᠷᠲᠤ ᠴᠢᠨᠠᠷ ᠪᠣᠯᠤᠨ ᠡᠷᠡᠰ ᠪᠠᠲᠤ ᠴᠢᠨᠠᠷ ᠢ ᠦᠨᠡᠨᠬᠦ ᠴᠢᠩᠭᠠᠳᠬᠠᠵᠤ᠂ ᠵᠡᠪᠰᠡᠭᠲᠦ ᠬᠦᠴᠦᠨ ᠤ ᠠᠵᠢᠯ ᠳᠠᠬᠢ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠦᠨᠡᠨᠬᠦ ᠪᠠᠲᠤᠯᠠᠬᠤ ᠬᠡᠷᠡᠭᠲᠡᠢ᠃ ᠭᠤᠣᠯ ᠬᠠᠷᠢᠭᠤᠴᠠᠯᠭ᠎ᠠ ᠭᠤᠣᠯ ᠠᠵᠢᠯ ᠢᠶᠠᠨ ᠴᠢᠩᠭᠠᠳᠬᠠᠵᠤ᠂ ᠲᠠᠶᠢᠨ ᠳᠤ ᠪᠡᠯᠡᠳᠬᠡᠵᠦ ᠲᠠᠶᠢᠨ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠶᠠᠰᠤ ᠴᠢᠨᠠᠷ ᠤᠨ ᠲᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠶᠢ ᠪᠠᠷᠢᠮᠲᠠᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠡᠯᠡᠳᠬᠡᠯ ᠬᠦᠴᠦᠨ ᠤ ᠪᠠᠶᠢᠭᠤᠯᠤᠯᠲᠠ ᠶᠢ ᠰᠠᠶᠢᠲᠤᠷ ᠠᠳᠬᠤᠬᠤ ᠪᠣᠯ ᠴᠡᠷᠢᠭ ᠠᠩᠬᠢ ᠣᠷᠣᠨ ᠨᠤᠲᠤᠭ ᠬᠤᠶᠠᠷ ᠲᠠᠯ᠎ᠠ ᠶᠢᠨ ᠬᠠᠮᠲᠤ ᠶᠢᠨ ᠬᠠᠷᠢᠭᠤᠴᠠᠯᠭ᠎ᠠ ᠪᠣᠯᠤᠨ᠎ᠠ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠴᠡᠷᠢᠭ ᠠᠷᠠᠳ ᠤᠨ ᠬᠡᠷᠡᠭᠯᠡᠭᠡ ᠶᠢᠨ ᠠᠭᠤᠰᠤᠯᠴᠠᠯ ᠢ ᠭᠦᠨᠵᠡᠭᠡᠶᠢᠷᠡᠭᠦᠯᠵᠦ᠂ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠪᠣᠯᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠪᠣᠯᠤᠨ ︽ᠲᠡᠰᠪᠦᠷᠢ ᠬᠠᠲᠠᠭᠤᠵᠢᠯᠲᠠᠢ ᠠᠵᠢᠯᠯᠠᠵᠤ᠂ ᠴᠤᠴᠠᠯᠲᠠ ᠦᠭᠡᠢ ᠤᠷᠤᠭᠰᠢᠯᠠᠬᠤ︾ ᠮᠣᠩᠭᠤᠯ ᠮᠤᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠲᠣᠭᠲᠠᠬᠤ ᠰᠢᠶᠠᠨ ᠤ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠳᠡ ᠦᠭᠡᠢ ᠡᠭᠦᠳᠴᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠰᠤᠭᠠᠢ︕ ᠭᠡᠵᠦ ᠴᠢᠬᠤᠯᠠᠴᠢᠯᠠᠪᠠ᠃      ᠰᠢᠶᠠᠨ ᠭᠠᠵᠠᠷ ᠤᠨ ᠲᠡᠰ ᠤᠨ ᠬᠤᠯᠪᠣᠭᠳᠠᠯ ᠪᠦᠬᠦᠢ ᠤᠳᠤᠷᠢᠳᠤᠯᠭ᠎ᠠ᠂ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1