ᠲᠣᠭᠲᠠᠬᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠡᠭᠦᠷᠭᠡᠯᠡᠵᠦ ᠭᠦᠢᠴᠡᠳᠬᠡᠬᠦ ᠪᠣᠯᠪᠠᠰᠤᠷᠠᠯ ᠤᠨ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2021/12/26
      ᠰᠢᠨ᠎ᠡ ᠨᠢᠭᠡ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠣᠯᠤᠨ ᠠᠵᠢᠯ ᠤᠨ ᠲᠦᠪᠰᠢᠨ ᠢ ᠦᠨᠡᠨᠬᠦ ᠳᠡᠭᠡᠭᠰᠢᠯᠡᠭᠦᠯᠬᠦ ᠶᠢᠨ ᠲᠥᠯᠥᠭᠡ᠂ 12 ᠳ᠋ᠤᠭᠠᠷ ᠰᠠᠷ᠎ᠠ ᠶᠢᠨ 23 ᠤ ᠡᠳᠦᠷ᠂ ᠲᠣᠭᠲᠠᠬᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠲᠤᠰᠢᠶᠠᠯ ᠡᠭᠦᠷᠭᠡᠯᠡᠵᠦ ᠭᠦᠢᠴᠡᠳᠬᠡᠬᠦ ᠪᠣᠯᠪᠠᠰᠤᠷᠠᠯ ᠤᠨ ᠬᠤᠷᠠᠯ ᠢ ᠡᠷᠬᠢᠯᠡᠪᠡ᠃ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠮᠲᠤᠷᠠᠭᠰᠠᠨ ᠠᠵᠢᠯ ᠤᠨ ᠵᠥᠪᠯᠡᠯ ᠤᠨ ᠡᠷᠬᠢᠯᠡᠭᠴᠢ ᠸᠠᠩ ᠬᠤᠩ ᠢ ᠤᠷᠢᠵᠤ ᠲᠤᠰᠬᠠᠢ ᠰᠡᠳᠦᠪ ᠢᠶᠠᠷ ᠬᠢᠴᠢᠶᠡᠯᠯᠡᠭᠦᠯᠪᠡ᠃      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠪᠠᠶᠢᠳᠠᠯ ᠳᠣᠣᠷ᠎ᠠ᠂ ᠸᠠᠩ ᠬᠤᠩ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ᠂ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠨᠠᠮ ᠤᠨ ᠲᠡᠦᠬᠡ᠂ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠬᠡᠷᠬᠢᠨ ᠭᠦᠢᠴᠡᠳᠬᠡᠬᠦ ᠵᠢᠴᠢ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠵᠡᠷᠭᠡ ᠲᠠᠯ᠎ᠠ ᠪᠠᠷ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠪᠠ᠃
     ᠪᠣᠯᠪᠠᠰᠤᠷᠠᠯ ᠤᠨ ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢᠨ᠎ᠡ ᠪᠠᠷ ᠲᠤᠰᠢᠶᠠᠯ ᠡᠭᠦᠷᠭᠡᠯᠡᠭᠰᠡᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠠᠷᠠᠳ ᠲᠦᠮᠡᠨ ᠤ ᠬᠦᠨᠳᠦ ᠨᠠᠶᠢᠳᠠᠯᠭ᠎ᠠ ᠪᠠ ᠦᠨᠳᠦᠰᠦᠨ ᠬᠠᠤᠯᠢ᠂ ᠬᠠᠤᠯᠢ ᠴᠠᠭᠠᠵᠠ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠴᠠᠭ ᠢᠮᠠᠭᠲᠠ ᠪᠠᠲᠤ ᠴᠡᠭᠡᠵᠢᠯᠡᠵᠦ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠲᠥᠯᠥᠭᠡᠯᠡᠭᠴᠢ ᠶᠢᠨ ᠡᠭᠦᠷᠭᠡ ᠪᠠᠨ ᠬᠢᠨᠠᠮᠠᠭᠠᠶ ᠭᠦᠢᠴᠡᠳᠬᠡᠵᠦ᠂ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠵᠢᠴᠢ ᠬᠤᠷᠠᠯ ᠲᠡᠭᠦᠰᠦᠭᠰᠡᠨ ᠬᠤᠭᠤᠴᠠᠭᠠᠨ ᠳᠠᠬᠢ ᠡᠯ᠎ᠡ ᠵᠦᠢᠯ ᠤᠨ ᠠᠵᠢᠯ ᠪᠠ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠵᠠᠮ ᠳᠤ ᠲᠥᠯᠥᠭᠡᠯᠡᠭᠴᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠬᠡᠷᠡᠭᠳᠡᠢ ᠭᠡᠪᠡ᠃
     ᠪᠣᠯᠪᠠᠰᠤᠷᠠᠯ ᠤᠨ ᠬᠤᠷᠠᠯ ᠠᠴᠠ ᠪᠠᠰᠠ ᠰᠢᠨ᠎ᠡ ᠪᠠᠷ ᠲᠤᠰᠢᠶᠠᠯ ᠳᠤ ᠭᠠᠷᠤᠭᠰᠠᠨ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠬᠡᠷᠬᠢᠨ ᠭᠦᠢᠴᠡᠳᠬᠡᠬᠦ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠪᠠ᠄ ᠨᠢᠭᠡ ᠳᠤ᠂ ᠶᠡᠭᠡ ᠲᠠᠯ᠎ᠠ ᠶᠢᠨ ᠤᠬᠠᠮᠰᠠᠷ ᠢ ᠪᠤᠢ ᠪᠣᠯᠭᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠪᠠᠷ ᠰᠣᠩᠭᠤᠭᠳᠠᠭᠰᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠪᠣᠯᠤᠨ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠣᠰᠣᠭᠠᠷ᠂ ᠢᠮᠠᠭᠲᠠ ᠤᠯᠤᠰ ᠲᠦᠷᠦ ᠶᠢ ᠡᠷᠬᠢᠮᠯᠡᠬᠦ᠂ ᠶᠡᠭᠡ ᠲᠠᠯ᠎ᠠ ᠶᠢ ᠬᠠᠷᠠᠭᠠᠯᠵᠠᠬᠤ ᠡᠭᠦᠳᠡᠨ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠭᠡᠬᠦ ᠡᠨᠡᠬᠦ ᠢᠷᠠᠭᠤ ᠠᠯᠳᠠᠷᠲᠤ ᠲᠤᠰᠢᠶᠠᠯ ᠢᠶᠠᠨ ᠨᠠᠨᠳᠢᠩᠨᠠᠵᠤ᠂ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠦᠴᠢᠷ ᠵᠣᠪᠠᠭᠤᠷᠢ ᠶᠢ ᠰᠢᠢᠳᠪᠦᠷᠢᠯᠡᠵᠦ᠂ ᠠᠷᠠᠳ ᠤᠯᠠᠨ ᠳᠤ ᠪᠣᠳᠠᠲᠠᠢ ᠶᠠᠪᠤᠳᠠᠯ ᠢ ᠢᠯᠡᠭᠦᠬᠡᠨ ᠬᠢᠵᠦ᠂ ᠦᠭᠡ ᠶᠠᠷᠢᠶ᠎ᠠ ᠦᠢᠯᠡ ᠠᠵᠢᠯᠯᠠᠭ᠎ᠠ ᠨᠢᠭᠡᠪᠦᠷᠢ᠂ ᠴᠠᠭ ᠢᠮᠠᠭᠲᠠ ᠭᠠᠵᠠᠷ ᠪᠣᠯᠭᠠᠨ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡᠯᠡᠯ ᠪᠣᠯᠤᠨ ᠡᠭᠦᠷᠭᠡ ᠬᠠᠷᠢᠭᠤᠴᠠᠯᠭ᠎ᠠ ᠶᠢ ᠢᠯᠡᠷᠡᠭᠦᠯᠬᠦ ᠬᠡᠷᠡᠭᠲᠡᠢ᠃ ᠬᠤᠶᠠᠷ ᠲᠤ᠂ ᠠᠯᠢ ᠲᠦᠷᠭᠡᠨ ᠢᠶᠠᠷ ᠳᠦᠷᠢᠯᠡᠭᠴᠢ ᠳᠡᠭᠡᠨ ᠵᠣᠬᠢᠴᠠᠵᠤ᠂ ᠪᠠᠶᠢᠴᠠᠭᠠᠨ ᠰᠤᠳᠤᠯᠬᠤ᠂ ᠪᠠᠶᠢᠴᠠᠭᠠᠨ ᠦᠵᠡᠬᠦ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠬᠦ᠂ ᠵᠥᠪᠯᠡᠯᠭᠡ ᠰᠠᠨᠠᠭᠤᠯᠭ᠎ᠠ ᠳᠤᠷᠠᠳᠬᠤ᠂ ᠲᠥᠯᠥᠭᠡᠯᠡᠭᠴᠢᠳ ᠤᠨ ᠭᠡᠷ ᠪᠦᠯᠢ ᠶᠢᠨ ᠠᠵᠢᠯᠯᠠᠭ᠎ᠠ ᠳᠤ ᠣᠷᠣᠯᠴᠠᠬᠤ᠂ ᠰᠣᠩᠭᠤᠭᠤᠯᠢ ᠶᠢᠨ ᠠᠷᠠᠳ ᠤᠨ ᠰᠤᠷᠪᠤᠯᠵᠢᠯᠠᠭ᠎ᠠ ᠬᠦᠯᠢᠶᠠᠨ ᠠᠪᠬᠤ᠂ ᠰᠣᠩᠭᠤᠭᠤᠯᠢ ᠶᠢᠨ ᠠᠷᠠᠳ ᠲᠤ ᠲᠤᠰᠢᠶᠠᠯ ᠤᠨ ᠮᠡᠳᠡᠭᠦᠯᠦᠯᠲᠡ ᠬᠢᠬᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠲᠠᠩᠰᠠ ᠡᠪᠬᠡᠮᠡᠯ ᠢ ᠲᠠᠭᠯᠠᠨ ᠪᠢᠴᠢᠬᠦ ᠵᠡᠷᠭᠡ ᠬᠤᠷᠠᠯ ᠲᠡᠭᠦᠰᠦᠭᠰᠡᠨ ᠤ ᠲᠠᠷᠠᠭᠠᠬᠢ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠬᠤᠷᠠᠯ ᠲᠡᠭᠦᠰᠦᠭᠰᠡᠨ ᠤ ᠲᠠᠷᠠᠭᠠᠬᠢ ᠠᠵᠢᠯ ᠢᠶᠠᠨ ᠯᠠᠪᠳᠠᠭᠤᠨ ᠪᠠᠲᠤᠲᠠᠶ ᠬᠢᠵᠦ᠂ ᠥᠪᠡᠷᠮᠢᠴᠡ ᠣᠨᠴᠠᠯᠢᠭ ᠲᠠᠢ ᠬᠢᠵᠦ᠂ ᠪᠣᠳᠠᠲᠤ ᠦᠷ᠎ᠡ ᠪᠦᠲᠦᠮᠵᠢ ᠭᠠᠷᠭᠠᠬᠤ ᠬᠡᠷᠡᠭᠲᠡᠶ᠃ ᠭᠤᠷᠪᠠ ᠳᠤ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠶ ᠪᠣᠯᠭᠠᠵᠤ᠂ ᠠᠷᠠᠳ ᠣᠯᠠᠨ ᠲᠠᠢ ᠨᠢᠭᠲᠠ ᠬᠠᠷᠢᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠠᠷᠠᠳ ᠤᠨ ᠪᠠᠶᠢᠳᠠᠯ ᠢ ᠭᠦᠨᠵᠡᠭᠡᠶ ᠣᠶᠢᠯᠠᠭᠠᠬᠤ᠂ ᠠᠷᠠᠳ ᠤᠨ ᠰᠠᠨᠠᠭ᠎ᠠ ᠶᠢ ᠭᠦᠢᠴᠡᠳ ᠲᠤᠰᠬᠠᠬᠤ᠂ ᠠᠷᠠᠳ ᠤᠨ ᠣᠶᠤᠨ ᠤᠬᠠᠭᠠᠨ ᠢ ᠥᠷᠭᠡᠨ ᠢᠶᠠᠷ ᠬᠤᠷᠠᠮᠳᠤᠭᠤᠯᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠠᠶᠢᠪᠠᠯ ᠪᠢᠳᠠ ᠬᠠᠷᠢᠭᠤ ᠳᠤᠰᠬᠠᠯ ᠲᠠᠢ ᠪᠠᠶᠢᠬᠤ ᠶᠢ ᠪᠡᠶᠡᠯᠡᠭᠦᠯᠵᠦ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠲᠠᠰᠤᠷᠠᠯᠲᠠ ᠦᠭᠡᠢ ᠬᠥᠭᠵᠢᠭᠦᠯᠦᠨ ᠦᠢᠯᠡᠳᠦᠯᠭᠡᠵᠢᠭᠦᠯᠵᠦ᠂ ᠠᠷᠠᠳ ᠤᠨ ᠲᠥᠯᠥᠭᠡ ᠡᠭᠦᠷᠭᠡ ᠲᠤᠰᠢᠶᠠᠯ ᠢᠶᠠᠨ ᠭᠦᠢᠴᠡᠳᠬᠡᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠳᠤ ᠣᠯᠭᠤᠭᠰᠠᠨ ᠡᠷᠬᠡ ᠲᠤᠰᠢᠶᠠᠯ ᠢᠶᠠᠨ ᠦᠨᠡᠨ ᠬᠦ ᠭᠦᠢᠴᠡᠳᠬᠡᠵᠦ᠂ ᠲᠥᠯᠥᠭᠡᠯᠡᠭᠴᠢᠳ ᠤᠨ ᠪᠠᠶᠢᠪᠠᠰᠤ ᠵᠣᠬᠢᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠳᠡᠢ ᠭᠡᠪᠡ
     ᠰᠢᠶᠠᠨ ᠤ ᠤᠳᠤᠷᠢᠳᠤᠯᠭ᠎ᠠ ᠰᠦᠨ ᠰᠢᠶᠦ᠋ᠨ᠂ ᠸᠧᠨ ᠵᠢᠶᠠᠩ ᠬᠠᠶ᠂ ᠹᠠᠨ ᠷᠦᠢ ᠫᠢᠩ᠂ ᠯᠢ ᠸᠧᠨ ᠰᠢᠤ ᠵᠢᠴᠢ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠠᠵᠢᠯᠲᠠᠨ 200 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠵᠠᠶ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1