ᠰᠢᠶᠠᠨ ᠤ ᠨᠠᠮ ᠤᠨ ᠬᠤᠷᠢᠶᠠᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠵᠢᠴᠢ ᠰᠢᠶᠠᠨ ᠤ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ ᠬᠤᠶᠠᠳᠤᠭᠠᠷ ᠪᠦᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/12/26
      12 ᠳ᠋ᠤᠭᠠᠷ ᠰᠠᠷ᠎ᠠ ᠶᠢᠨ 24 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠰᠢᠶᠠᠨ ᠤ ᠨᠠᠮ ᠤᠨ ᠬᠤᠷᠢᠶᠠᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠵᠢᠴᠢ ᠰᠢᠶᠠᠨ ᠤ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ ᠬᠤᠶᠠᠳᠤᠭᠠᠷ ᠤᠳᠠᠭᠠᠨ ᠤ ᠪᠥᠬᠦᠳᠡ ᠬᠤᠷᠠᠯ ᠢ ᠡᠷᠭᠢᠯᠡᠨ ᠬᠤᠷᠠᠯᠳᠤᠭᠤᠯᠵᠤ᠂ 2021 ᠣᠨ ᠤ ᠪᠥᠬᠦ ᠰᠢᠶᠠᠨ ᠤ ᠬᠤᠶᠠᠷ ᠢ ᠬᠦᠷᠢᠶᠡᠯᠡᠬᠦ ᠠᠵᠢᠯ ᠪᠠ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠬᠡᠰᠡᠭ ᠪᠦᠷᠢᠯᠳᠦᠬᠦᠨ ᠨᠢᠭᠡᠴᠡ ᠪᠠ ᠰᠢᠶᠠᠩ ᠪᠠᠯᠭᠠᠰᠤᠨ ᠤ 2021 ᠣᠨ ᠤ ᠴᠡᠷᠢᠭ ᠠᠴᠠ ᠬᠠᠯᠠᠭᠳᠠᠭᠰᠠᠳ ᠤᠨ ᠠᠵᠢᠯ ᠪᠠ ᠬᠤᠶᠠᠷ ᠢ ᠬᠦᠷᠢᠶᠡᠯᠡᠬᠦ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ︽ᠬᠤᠶᠠᠷ ᠢ ᠬᠠᠮᠠᠭᠠᠯᠠᠬᠤ︾ ᠶᠢᠨ ᠦᠨᠳᠦᠷᠴᠡ ᠳᠡᠭᠡᠷ᠎ᠡ ᠵᠣᠭᠰᠣᠵᠤ᠂ ᠰᠢ ᠶᠢᠨ ᠫᠢᠩ ᠶᠡᠷᠦᠩᠬᠡᠶ ᠱᠦᠵᠢ ᠶᠢᠨ ᠴᠡᠷᠢᠭ ᠠᠴᠠ ᠬᠠᠯᠠᠭᠳᠠᠭᠰᠠᠳ ᠤᠨ ᠠᠵᠢᠯ ᠪᠣᠯᠤᠨ ᠬᠤᠶᠠᠷ ᠢ ᠬᠦᠷᠢᠶᠡᠯᠡᠬᠦ ᠠᠵᠢᠯ ᠤᠨ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠠᠴᠠ ᠬᠠᠯᠠᠭᠳᠠᠭᠰᠠᠳ ᠪᠠ ᠬᠤᠶᠠᠷ ᠢ ᠬᠦᠷᠢᠶᠡᠯᠡᠬᠦ ᠠᠵᠢᠯ ᠢ ᠰᠠᠶᠢᠲᠤᠷ ᠬᠢᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠴᠡᠷᠢᠭ ᠢ ᠪᠣᠯᠪᠠᠰᠤᠷᠠᠭᠤᠯᠵᠤ ᠲᠠᠶᠢᠨ ᠳᠤ ᠪᠡᠯᠡᠳᠬᠡᠬᠦ ᠳᠤ ᠦᠢᠯᠡᠴᠢᠯᠡᠬᠦ ᠢᠯᠡ ᠲᠣᠳᠣ ᠤᠳᠤᠷᠢᠳᠤᠮᠵᠢ ᠶᠢ ᠤᠯᠠᠮ ᠴᠢᠨᠠᠭᠰᠢᠳᠠ ᠪᠠᠲᠤᠳᠬᠠᠵᠤ᠂ ᠴᠡᠷᠢᠭ ᠢ ᠬᠦᠷᠢᠶᠡᠯᠡᠨ ᠴᠡᠷᠢᠭ ᠢ ᠬᠦᠴᠦᠷᠬᠡᠭᠵᠢᠭᠦᠯᠬᠦ ᠦᠢᠯᠡᠴᠢᠯᠡᠭᠡᠨ ᠤ ᠠᠩᠬᠢ ᠶᠢ ᠰᠠᠶᠢᠲᠤᠷ ᠪᠠᠶᠢᠭᠤᠯᠵᠤ᠂ ᠲᠣᠭᠲᠠᠬᠤ ᠰᠢᠶᠠᠨ ᠤ ᠬᠤᠶᠠᠷ ᠢ ᠬᠦᠷᠢᠶᠡᠯᠡᠬᠦ ᠠᠵᠢᠯ ᠤᠨ ᠪᠦᠬᠦᠯᠢ ᠴᠣᠭᠴᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠡᠷᠢᠭ ᠠᠴᠠ ᠬᠠᠯᠠᠭᠳᠠᠭᠰᠠᠳ ᠤᠨ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠦᠨᠡᠨᠬᠦ ᠨᠡᠮᠡᠭᠳᠡᠭᠦᠯᠬᠦ ᠬᠡᠷᠡᠭᠲᠡᠢ ᠭᠡᠵᠡᠢ᠃      ᠬᠤᠷᠠᠯ ᠠᠴᠠ᠂ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠴᠡᠷᠢᠭ ᠠᠴᠠ ᠬᠠᠯᠠᠭᠳᠠᠭᠰᠠᠳ ᠵᠢᠴᠢ ᠬᠤᠶᠠᠷ ᠢ ᠬᠦᠷᠢᠶᠡᠯᠡᠬᠦ ᠠᠵᠢᠯ ᠤᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠴᠡᠷᠢᠭ ᠠᠴᠠ ᠬᠠᠯᠠᠭᠳᠠᠭᠰᠠᠳ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ᠂ ᠵᠠᠬᠢᠳᠠᠯ ᠰᠤᠷᠪᠤᠯᠵᠢᠯᠠᠭ᠎ᠠ᠂ ᠬᠤᠶᠠᠷ ᠢ ᠬᠦᠷᠢᠶᠡᠯᠡᠬᠦ ᠵᠢᠱᠢᠶᠡᠴᠢ ᠬᠤᠳᠠ ᠶᠢ ᠡᠭᠦᠳᠦᠨ ᠪᠠᠶᠢᠭᠤᠯᠬᠤ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠴᠡᠷᠢᠭ ᠠᠴᠠ ᠬᠠᠯᠠᠭᠳᠠᠭᠰᠠᠳ ᠤᠨ ᠠᠵᠢᠯ ᠪᠣᠯᠤᠨ ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ ᠪᠦᠯᠢ ᠶᠢ ᠬᠠᠷᠠᠭᠠᠯᠵᠠᠬᠤ ᠠᠵᠢᠯ ᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠰᠢᠶᠠᠨ ᠭᠠᠵᠠᠷ ᠤᠨ ᠲᠡᠰ ᠤᠨ ᠬᠤᠯᠪᠣᠭᠳᠠᠯ ᠪᠦᠬᠦᠢ ᠤᠳᠤᠷᠢᠳᠤᠯᠭ᠎ᠠ᠂ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1