ᠥᠪᠥᠷ ᠮᠣᠩᠭᠤᠯ ᠤᠨ ᠬᠤᠸᠠ ᠲᠠᠩ ᠳ᠋ᠦ᠋ ᠷᠦᠢ ᠭᠦ᠋ ᠬᠢᠵᠠᠭᠠᠷᠲᠤ ᠺᠣᠮᠫᠠᠨᠢ ᠮᠠᠨ ᠤ ᠰᠢᠶᠠᠨ ᠳᠤ ᠰᠢᠨᠵᠢᠯᠡᠨ ᠪᠠᠶᠢᠴᠠᠭᠠᠭᠰᠠᠨ ᠪᠥᠭᠡᠳ  ᠵᠦᠪᠳᠡᠯᠴᠡᠭᠡᠷ ᠲᠤᠭᠳᠠᠪᠠ
ᠨᠡᠶᠢᠲᠡᠯᠡᠭᠰᠡᠨ ᠴᠠᠭ᠄
2021/12/3
      12 ᠳ᠋ᠤᠭᠠᠷ ᠰᠠᠷ᠎ᠠ ᠶᠢᠨ 2 ᠤᠨ ᠡᠳᠦᠷ᠂ ᠥᠪᠥᠷ ᠮᠣᠩᠭᠤᠯ ᠤᠨ ᠬᠤᠸᠠ ᠲᠠᠩ ᠳ᠋ᠦ᠋ ᠷᠦᠢ ᠭᠦ᠋ ᠬᠢᠵᠠᠭᠠᠷᠲᠤ ᠺᠣᠮᠫᠠᠨᠢ ᠮᠠᠨ ᠤ ᠰᠢᠶᠠᠨ ᠳᠤ ᠰᠢᠨᠵᠢᠯᠡᠨ ᠪᠠᠶᠢᠴᠠᠭᠠᠬᠤ ᠶᠢᠨ ᠬᠠᠮᠲᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ᠃ ᠰᠢᠶᠠᠨ ᠤ ᠤᠳᠤᠷᠢᠳᠤᠯᠭ᠎ᠠ ᠯᠢ ᠴᠦᠨ ᠶᠠᠨ᠂ ᠯᠢᠦ ᡁᠢ ᠴᠢᠶᠠᠩ᠂ ᠠᠵᠤ ᠦᠢᠯᠡᠳᠪᠦᠷᠢ ᠶᠢᠨ ᠬᠦᠷᠢᠶᠡᠯᠡᠩ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠭᠦᠸᠧ ᠬᠠᠶ ᠵᠢᠶᠦ᠋ᠨ᠂ ᠡᠷᠬᠢᠯᠡᠭᠴᠢ ᠰᠢᠶᠤᠤ ᠸᠧᠨ ᠸᠧᠶ᠂ ᠥᠪᠥᠷ ᠮᠣᠩᠭᠤᠯ ᠤᠨ ᠬᠤᠸᠠ ᠲᠠᠩ ᠳ᠋ᠦ᠋ ᠷᠦᠢ  ᠭᠦ᠋ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢᠦ ᠢᠦᠶ ᠱᠠᠨ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠭᠡᠷ᠎ᠡ ᠲᠣᠭᠲᠠᠬᠤ ᠵᠥᠪᠳᠡᠯᠴᠡᠬᠡᠷ ᠤᠨ ᠬᠤᠷᠠᠯ ᠳᠤ ᠣᠷᠣᠯᠴᠠᠪᠠ᠃
     ᠬᠤᠷᠠᠯ ᠳᠡᠭᠡᠷ᠎ᠡ ᠡᠩ ᠲᠡᠷᠢᠭᠦᠨ ᠳᠤ ᠮᠠᠨ ᠤ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠤᠬᠠᠭᠤᠯᠭ᠎ᠠ ᠶᠢᠨ ᠹᠢᠯᠢᠮ ᠢ ᠨᠡᠪᠲᠡᠷᠡᠭᠦᠯᠪᠡ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠯᠢᠦ ᡁᠢ ᠴᠢᠶᠠᠩ ᠮᠠᠨ ᠤ ᠰᠢᠶᠠᠨ ᠤ ᠦᠨᠳᠦᠰᠦᠨ ᠪᠠᠶᠢᠳᠠᠯ ᠢ ᠲᠠᠨᠢᠯᠴᠠᠭᠤᠯᠪᠠ᠃ ᠥᠪᠥᠷ ᠮᠣᠩᠭᠤᠯ ᠤᠨ ᠬᠤᠸᠠ ᠲᠠᠩ ᠳ᠋ᠦ᠋ ᠷᠦ᠊ ᠭᠦ᠋ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢᠦ ᠢᠦᠢ ᠱᠠᠨ ᠲᠤᠰ ᠤᠳᠠᠭ᠎ᠠ ᠶᠢᠨ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠭᠰᠠᠨ ᠦᠨᠳᠦᠰᠦᠨ ᠪᠠᠶᠢᠳᠠᠯ ᠵᠢᠴᠢ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠰᠠᠨᠠᠮᠵᠢ ᠶᠢ ᠲᠠᠨᠢᠯᠴᠠᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠢᠯᠡᠷᠬᠡᠶᠢᠯᠡᠬᠦ ᠳᠡᠭᠡᠨ᠂ ᠥᠪᠥᠷ ᠮᠣᠩᠭᠤᠯ ᠤᠨ ᠬᠤᠸᠠ ᠲᠠᠩ ᠳ᠋ᠦ᠋ ᠷᠦᠢ ᠭᠦ᠋ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠨᠠᠷ ᠤᠨ ᠬᠦᠷᠦᠯᠴᠡᠨ ᠢᠷᠡᠭᠰᠡᠨ ᠶᠠᠪᠤᠳᠠᠯ ᠪᠣᠯ ᠪᠢᠳᠡᠨ ᠤ ᠬᠠᠷᠢᠯᠴᠠᠨ ᠰᠤᠷᠤᠯᠴᠠᠵᠤ᠂ ᠨᠥᠬᠦᠷᠯᠡᠯ ᠢᠶᠠᠨ ᠵᠤᠵᠠᠭᠠᠳᠬᠠᠬᠤ ᠨᠢᠭᠡ ᠤᠳᠠᠭᠠᠨ ᠤ ᠣᠯᠳᠠᠰᠢ ᠥᠬᠡᠶ ᠰᠣᠯᠢᠯᠴᠠᠭᠠᠨ ᠤ ᠲᠣᠬᠢᠶᠠᠯ ᠮᠥᠨ᠂ ᠬᠤᠶᠠᠷ ᠲᠠᠯ᠎ᠠ ᠪᠠᠷ ᠢᠶᠠᠨ ᠲᠣᠰ ᠤᠳᠠᠭᠠᠨ ᠤ ᠶᠠᠷᠢᠯᠴᠠᠬᠤ ᠬᠤᠷᠠᠯ ᠢᠶᠠᠷ ᠠᠵᠠ ᠲᠣᠬᠢᠶᠠᠯ ᠪᠣᠯᠭᠠᠵᠤ ᠂ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ᠂ ᠬᠥᠭᠵᠢᠯᠲᠡ ᠶᠢ ᠬᠠᠮᠲᠤ ᠪᠠᠷ ᠰᠦᠪᠡᠭᠴᠢᠯᠡᠬᠦ ᠶᠢ ᠬᠦᠰᠡᠵᠦ ᠪᠠᠶᠢᠨ᠎ᠠ ᠭᠡᠵᠡᠶ᠃
     ᠯᠢ ᠴᠦᠨ ᠶᠠᠨ ᠵᠢᠭᠠᠵᠤ ᠭᠠᠷᠭᠠᠬᠤ ᠳᠠᠭᠠᠨ᠄ ᠣᠳᠣᠬᠠᠨ ᠳᠤ᠂ ᠲᠣᠭᠲᠠᠬᠤ ᠰᠢᠶᠠᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ ᠪᠠᠶᠢᠨ᠎ᠠ᠃ ᠡᠭᠦᠨ ᠤ ᠬᠠᠮᠲᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠨᠥᠬᠦᠷ ᠤᠨ ᠲᠣᠭᠲᠠᠬᠤ ᠰᠢᠶᠠᠨ ᠳᠤ ᠳᠤᠷᠠᠳᠤᠭᠰᠠᠨ ᠠᠵᠢᠯ ᠤᠨ ᠱᠠᠭᠠᠷᠳᠠᠯᠭ᠎ᠠ ᠶᠣᠰᠣᠭᠠᠷ᠂ ᠬᠤᠲᠠ ᠶᠢᠨ ᠨᠠᠮ ᠤᠨ ᠬᠤᠷᠢᠶ᠎ᠠ ᠶᠢᠨ ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠯᠡᠯ︾ ᠢ ᠪᠤᠶᠢᠵᠢᠭᠤᠯᠬᠤ ᠬᠠᠷᠠᠯᠲᠠ ᠶᠢᠨ ᠪᠠᠶᠢᠷᠢ ᠲᠣᠭᠲᠠᠭᠠᠯᠲᠠ ᠲᠠᠢ ᠨᠢᠭᠲᠠ ᠤᠶᠠᠯᠳᠤᠭᠤᠯᠤᠨ᠂ ᠲᠣᠰ ᠭᠠᠵᠠᠷ ᠤᠨ ᠳᠠᠪᠠᠭᠤᠯᠢᠭ ᠠᠵᠤ ᠦᠢᠯᠡᠰ ᠲᠤ ᠰᠠᠭᠤᠷᠢᠯᠠᠨ᠂ ᠪᠦᠲᠦᠴᠡ ᠶᠢ ᠳᠣᠭᠢᠷᠠᠭᠤᠯᠬᠤ᠂ ᠴᠢᠳᠠᠮᠵᠢ ᠶᠢ ᠬᠤᠪᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ ᠪᠠᠷ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠥᠬᠦ ᠲᠠᠯ᠎ᠠ ᠪᠠᠷ ᠰᠢᠯᠢᠳᠡᠭᠵᠢᠭᠦᠯᠵᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠡᠷᠡᠰ ᠭᠤᠶᠢᠪᠢᠰᠢ ᠥᠬᠡᠶ ᠪᠠᠷ ᠳᠥᠯᠭᠢᠨ ᠠᠬᠢᠭᠤᠯᠤᠨ᠎ᠠ᠃ ᠥᠪᠥᠷ ᠮᠣᠩᠭᠤᠯ ᠤᠨ ᠬᠤᠸᠠ ᠲᠠᠩ ᠳ᠋ᠦ᠋ ᠷᠦᠢ ᠭᠦ᠋ ᠬᠢᠵᠠᠭᠠᠷᠲᠤ ᠺᠣᠮᠫᠠᠨᠢ ᠪᠣᠯ ᠪᠣᠳᠠᠲᠤ ᠬᠦᠴᠦᠨ ᠲᠠᠢ᠂ ᠳᠠᠯᠳᠠ ᠬᠦᠴᠦᠨ ᠲᠠᠢ᠂ ᠠᠯᠤᠰ ᠢᠷᠡᠭᠡᠳᠦᠶ ᠲᠠᠢ ᠠᠵᠤ ᠠᠬᠤᠶᠢᠯᠠᠯ ᠮᠥᠨ᠂ ᠲᠣᠭᠲᠠᠬᠤ ᠰᠢᠶᠠᠨ ᠲᠠᠢ ᠮᠠᠰᠢ ᠶᠡᠭᠡ ᠬᠠᠮᠲᠤᠷᠠᠯᠴᠠᠬᠤ ᠣᠷᠣᠨ ᠵᠠᠶ ᠲᠠᠢ᠂ ᠲᠡᠳᠡᠨ ᠤ ᠲᠣᠭᠲᠠᠬᠤ ᠶᠢ ᠰᠣᠩᠭᠤᠵᠤ᠂ ᠲᠣᠭᠲᠠᠬᠤ ᠰᠢᠶᠠᠨ ᠳᠤ ᠪᠡᠯᠡ ᠣᠷᠣᠭᠤᠯᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃ ᠮᠠᠨ ᠤ ᠰᠢᠶᠠᠨ ᠲᠦᠷᠦ ᠶᠢᠨ ᠪᠤᠳᠤᠯᠭ᠎ᠠ ᠶᠢᠨ ᠵᠥᠪᠰᠢᠶᠡᠷᠡᠬᠦ ᠬᠡᠪᠴᠢᠶᠡᠨ ᠳᠤ ᠵᠠᠰᠠᠭ ᠵᠠᠬᠢᠷᠭᠠᠨ ᠤ ᠦᠷ᠎ᠡ ᠪᠦᠲᠦᠮᠵᠢ ᠪᠠᠷ ᠥᠨᠳᠥᠷ᠂ ᠦᠢᠯᠡᠴᠢᠯᠡᠭᠡᠨ ᠤ ᠶᠠᠰᠤ ᠴᠢᠨᠠᠷ ᠢᠶᠠᠷ ᠰᠠᠶᠢᠨ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠢ ᠬᠠᠩᠭᠠᠵᠤ᠂ ᠲᠦᠷᠦᠯ ᠵᠦᠢᠯ ᠢ ᠬᠢᠨᠠᠨ ᠵᠥᠪᠰᠢᠶᠡᠷᠡᠬᠦ᠂ ᠪᠦᠳᠦᠭᠡᠨ ᠪᠠᠶᠢᠭᠤᠯᠬᠤ᠂ ᠠᠵᠢᠯᠯᠠᠭᠤᠯᠬᠤ᠂ ᠲᠦᠷᠦ ᠶᠢᠨ ᠪᠤᠳᠤᠯᠭ᠎ᠠ ᠶᠢᠨ ᠳᠡᠮᠵᠢᠯᠭᠡ ᠦᠵᠡᠭᠦᠯᠬᠦ ᠵᠡᠷᠭᠡ ᠪᠦᠬᠦ ᠶᠠᠪᠤᠴᠠ ᠳᠤ ︽ᠠᠰᠠᠷᠠᠭᠴᠢ ᠮᠠᠶ᠋ᠢᠭ︾ ᠤᠨ ᠦᠢᠯᠡᠴᠢᠯᠡᠭᠡ ᠬᠠᠩᠭᠠᠵᠤ᠂ ᠪᠦᠬᠦ ᠬᠦᠴᠦᠨ ᠢᠶᠠᠷ ᠢᠶᠠᠨ ᠬᠠᠮᠤᠭ ᠤᠨ ᠰᠠᠶᠢᠨ ᠢᠵᠢ ᠪᠦᠷᠢᠳᠦᠭᠰᠡᠨ ᠦᠢᠯᠡᠴᠢᠯᠡᠭᠡ ᠪᠠᠷ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠦᠨᠡᠨ ᠰᠡᠳᠬᠢᠯ ᠠᠴᠠ ᠪᠠᠨ ᠬᠠᠮᠠᠭᠠᠯᠠᠵᠤ᠂ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠪᠣᠯᠤᠨ᠎ᠠ ᠭᠡᠪᠡ᠃      ᠳᠠᠷᠠᠭ᠎ᠠ ᠨᠢ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠪᠣᠯᠤᠨ ᠥᠪᠥᠷ ᠮᠣᠩᠭᠤᠯ ᠤᠨ ᠬᠤᠸᠠ ᠲᠠᠩ  ᠳ᠋ᠦ᠋ ᠷᠦᠢ ᠭᠦ᠋ ᠬᠢᠵᠠᠭᠠᠷᠲᠤ ᠺᠣᠮᠫᠠᠨᠢ ᠲᠤᠭᠳᠠᠬᠤ ᠰᠢᠶᠠᠨ ᠯᠤᠭ᠎ᠠ ᠶᠢᠨ ᠬᠠᠮᠳᠤᠷᠠᠯᠴᠭᠠᠨ ᠤ ᠲᠦᠷᠦᠯ ᠵᠦᠢᠯ ᠳᠤ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠵᠠᠢ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1