ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠰᠢᠶᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ 36 ᠳ᠋ᠤᠭᠠᠷ ᠤᠳᠠᠭ᠎ᠠ ᠶᠢᠨ ᠬᠤᠷᠠᠯ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/12/3
      12 ᠳ᠋ᠤᠭᠠᠷ ᠰᠠᠷ᠎ᠠ ᠶᠢᠨ 2 ᠤᠨ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ 20 ᠳ᠋ᠤᠭᠠᠷ ᠤᠳᠠᠭᠠᠨ ᠤ ᠬᠤᠷᠠᠯ ᠵᠢᠴᠢ ᠰᠢᠶᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ 36 ᠳ᠋ᠤᠭᠠᠷ ᠤᠳᠠᠭᠠᠨ ᠤ ᠬᠤᠷᠠᠯ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ᠃ ᠰᠢᠶᠠᠨ ᠤ ᠨᠠᠮ ᠤᠨ ᠬᠤᠷᠢᠶᠠᠨ ᠤ ᠱᠦᠵᠢ᠂ ᠰᠢᠶᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠢ ᠴᠦᠨ ᠶᠠᠨ ᠬᠤᠷᠠᠯ ᠡᠷᠭᠢᠯᠡᠪᠡ᠃
     ᠬᠤᠷᠠᠯ ᠠᠴᠠ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠡᠯ᠎ᠡ ᠳᠤᠭᠤᠶᠢᠯᠠᠩ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠢ ᠰᠢᠭᠤᠢ ᠡᠪᠡᠰᠦᠲᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠲᠤᠰᠬᠠᠢ ᠴᠡᠭᠴᠡᠯᠡᠨ ᠵᠠᠰᠠᠭᠰᠠᠨ ᠬᠡᠷᠡᠭ ᠢ ᠰᠢᠢᠳᠪᠦᠷᠢᠯᠡᠭᠰᠡᠨ ᠠᠵᠢᠯ ᠤᠨ ᠬᠠᠷᠢᠭᠤ ᠮᠡᠳᠡᠭᠦᠯᠦᠯᠲᠡ ᠪᠣᠯᠤᠨ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠭᠰᠠᠨ ᠠᠵᠢᠯ ᠤᠨ ᠪᠠᠶᠢᠳᠠᠯ ᠢ ᠰᠣᠨᠣᠰᠴᠠᠢ᠃ ︽ᠬᠤᠭᠤᠴᠠᠭ᠎ᠠ ᠰᠣᠯᠢᠬᠤ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠬᠤ ᠲᠤᠬᠠᠶ ︽ᠲᠣᠭᠲᠠᠬᠤ ᠰᠢᠶᠠᠨ ᠤ ︿ᠰᠤᠷᠤᠯᠴᠠᠬᠤ᠂ ᠰᠤᠳᠤᠯᠬᠤ᠂ ᠡᠷᠢᠬᠦ᠂ ᠨᠥᠬᠦᠪᠥᠷᠢᠯᠡᠬᠦ﹀ ᠲᠤᠰᠬᠠᠶ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠰᠤᠳᠤᠯᠤᠨ ᠶᠠᠷᠢᠯᠴᠠᠬᠤ ᠶᠢᠨ ᠬᠠᠮᠲᠤ ᠳᠤᠷᠠᠳᠤᠨ ᠭᠠᠷᠭᠠᠬᠤ ᠶᠢ ᠵᠠᠷᠴᠢᠮ ᠳᠡᠭᠡᠷ᠎ᠡ ᠪᠠᠨ ᠪᠠᠲᠤᠯᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠦᠷᠭᠦᠯᠵᠢᠯᠡᠨ ᠥᠷᠭᠡᠵᠢᠨ ᠳᠡᠯᠭᠡᠷᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠮᠥᠨ ᠬᠦ ᠲᠦᠢᠯ ᠤᠨ ᠬᠦᠨᠳᠦ ᠬᠡᠴᠡᠭᠦᠦ ᠪᠠᠶᠢᠨ᠎ᠠ᠃ ᠪᠥᠬᠦ ᠳᠡᠯᠡᠬᠡᠶ ᠶᠢᠨ ᠬᠢᠵᠢᠭ ᠤᠨ ᠪᠠᠶᠢᠳᠠᠯ ᠦᠷᠭᠦᠯᠵᠢᠯᠡᠨ ᠬᠡᠴᠡᠭᠦᠳᠡᠵᠦ᠂ ᠤᠯᠤᠰ ᠤᠨ ᠳᠣᠲᠣᠭᠠᠳᠤ ᠶᠢᠨ ᠣᠯᠠᠨ ᠭᠠᠵᠠᠷ ᠲᠤ ᠲᠠᠷᠬᠠᠮᠠᠯ ᠡᠪᠡᠳᠴᠢᠨ ᠤ ᠵᠢᠱᠢᠶ᠎ᠡ ᠢᠯᠡᠷᠡᠵᠦ᠂ ᠢᠯᠠᠩᠭᠤᠶ᠎ᠠ ᠣᠷᠣᠨ ᠤ ᠳᠣᠲᠣᠷᠠᠬᠢ ᠮᠠᠨᠵᠤᠤᠷ ᠬᠤᠲᠠ ᠶᠢᠨ ᠵᠠᠯᠠᠶᠢᠨᠠᠭᠤᠷ ᠲᠣᠭᠤᠷᠢᠭ ᠲᠤ ᠵᠠᠯᠭᠠᠭ᠎ᠠ ᠪᠠᠷ ᠲᠣᠰ ᠭᠠᠵᠠᠷ ᠤᠨ ᠡᠪᠡᠳᠴᠢᠨ ᠤ ᠵᠢᠱᠢᠶ᠎ᠡ ᠣᠯᠠᠨ ᠭᠠᠷᠴᠠᠶ᠃ ᠡᠨᠡᠬᠦ ᠡᠭᠡᠯᠵᠢ ᠶᠢᠨ ᠬᠢᠵᠢᠭ ᠤᠨ ᠪᠠᠶᠢᠳᠠᠯ ᠤᠨ ᠡᠭᠦᠰᠬᠦ ᠬᠤᠷᠳᠤᠴᠠ ᠨᠢ ᠲᠦᠷᠭᠡᠨ᠂ ᠬᠥᠮᠦᠨ ᠤ ᠲᠤᠭ᠎ᠠ ᠨᠢ ᠣᠯᠠᠨ ᠪᠣᠯᠬᠤᠷ ᠡᠷᠬᠡᠪᠰᠢ ᠳᠡᠭᠡᠳᠦ ᠬᠡᠮᠵᠢᠶ᠎ᠡ ᠪᠠᠷ ᠰᠡᠷᠡᠮᠵᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠤᠨ ᠲᠤᠬᠠᠶ ᠡᠷᠬᠡᠪᠰᠢ ᠰᠡᠷᠭᠡᠭ ᠮᠠᠭᠠᠳᠯᠠᠯᠲᠠ ᠪᠠ ᠰᠡᠷᠭᠡᠭ ᠲᠠᠨᠢᠯᠲᠠ ᠲᠠᠢ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠯ᠎ᠡ ᠵᠦᠢᠯ ᠤᠨ ᠠᠵᠢᠯ ᠢ ᠡᠷᠬᠡᠪᠰᠢ ᠴᠢᠩᠭ᠎ᠠ ᠠᠴᠠ ᠴᠢᠩᠭ᠎ᠠ᠂ ᠨᠠᠷᠢᠨ ᠠᠴᠠ ᠨᠠᠷᠢᠨ ᠠᠳᠬᠤᠵᠤ᠂ ᠬᠢᠯᠪᠠᠷ ᠪᠤᠰᠤ ᠪᠠᠷ ᠣᠯᠤᠭᠰᠠᠨ ᠰᠡᠷᠭᠡᠶᠢᠯᠡᠨ ᠬᠢᠵᠠᠭᠠᠷᠯᠠᠬᠤ ᠦᠷ᠎ᠡ ᠪᠦᠲᠦᠭᠡᠯ ᠢ ᠡᠷᠡᠰ ᠬᠠᠮᠠᠭᠠᠯᠠᠬᠤ ᠬᠡᠷᠡᠭᠲᠡᠶ᠃ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠤᠨ ᠬᠢᠨ ᠥᠨᠳᠥᠷ ᠪᠦᠲᠦᠮᠵᠢᠲᠡᠶ ᠪᠠᠷ ︽ᠠᠵᠢᠯᠯᠠᠬᠤ︾ ᠬᠡᠷᠡᠭᠲᠡᠶ᠂ ︽ᠪᠠᠶᠢᠯᠳᠤᠭᠠᠨ ᠤ ᠡᠮᠦᠨᠡᠬᠢ ᠪᠠᠶᠢᠳᠠᠯ︾ ᠳᠤ ᠪᠥᠬᠦ ᠲᠠᠯ᠎ᠠ ᠪᠠᠷ ᠣᠷᠣᠵᠤ᠂ ᠲᠦᠷᠦᠭᠦᠯᠡᠨ ᠶᠡᠷᠦᠩᠬᠡᠶᠢᠯᠡᠨ ᠠᠳᠬᠤᠬᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠪᠠᠶᠢᠴᠠᠭᠠᠵᠤ ᠰᠢᠪᠠᠳᠠᠨ ᠰᠢᠢᠳᠪᠦᠷᠢᠯᠡᠭᠦᠯᠬᠦ ᠵᠡᠷᠭᠡ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠪᠠᠶᠢᠩᠭᠤ ᠶᠢᠨ ᠴᠢᠨᠠᠷᠲᠠᠶ ᠬᠢᠨᠠᠨ ᠵᠢᠯᠣᠭᠤᠳᠴᠤ ᠪᠠᠶᠢᠴᠠᠭᠠᠬᠤ ᠶᠢ ᠯᠠᠪᠳᠠᠭᠤᠨ ᠪᠠᠲᠤᠲᠠᠶ ᠥᠷᠨᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ︽ᠬᠠᠷᠢᠶ᠎ᠠ ᠭᠠᠵᠠᠷ᠂ ᠰᠠᠯᠠᠭ᠎ᠠ ᠮᠥᠴᠢᠷ᠂ ᠨᠢᠭᠡᠴᠡ ᠪᠠ ᠬᠤᠪᠢ ᠬᠥᠮᠦᠨ︾ ᠤ ᠳᠥᠷᠪᠡᠨ ᠲᠠᠯ᠎ᠠ ᠶᠢᠨ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠪᠥᠬᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠪᠠ ᠨᠡᠶᠢᠭᠡᠮ ᠤᠨ ᠲᠣᠭᠲᠠᠭᠤᠨ ᠪᠠᠶᠢᠳᠠᠯ ᠤᠨ ᠶᠡᠭᠡ ᠲᠠᠯ᠎ᠠ ᠶᠢ ᠲᠠᠰᠤᠷᠠᠯᠲᠠ ᠥᠬᠡᠶ ᠪᠠᠬᠢᠵᠢᠭᠦᠯᠦᠨ᠎ᠡ᠃ ᠡᠯ᠎ᠡ ᠪᠠᠯᠭᠠᠰᠤ᠂ ᠬᠠᠲᠤᠨ ᠭᠤᠤᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ ᠤᠨ ᠬᠢᠨ ᠬᠠᠷᠢᠶ᠎ᠠ ᠭᠠᠵᠠᠷ ᠤᠨ ᠢᠶᠠᠨ ᠬᠠᠷᠢᠭᠤᠴᠠᠯᠭ᠎ᠠ ᠶᠢ ᠴᠢᠩᠭ᠎ᠠ ᠭᠦᠢᠴᠡᠳᠭᠡᠵᠦ᠂ ᠮᠢᠨᠴᠦᠭᠦᠷᠡᠬᠦ ᠦᠵᠡᠯ ᠰᠠᠨᠠᠭ᠎ᠠ᠂ ᠰᠤᠯᠠᠷᠠᠬᠤ ᠰᠡᠳᠬᠢᠯᠭᠡ ᠶᠢ ᠡᠷᠡᠰ ᠲᠡᠪᠴᠢᠵᠦ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠴᠢᠩᠭ᠎ᠠ ᠠᠳᠬᠤᠨ ᠪᠣᠳᠠᠲᠠᠶ ᠠᠳᠬᠤᠵᠤ᠂ ᠭᠤᠤᠯᠳᠠᠯᠭ᠎ᠠ ᠲᠠᠢ ᠭᠠᠵᠠᠷ ᠣᠷᠣᠨ᠂ ᠭᠤᠤᠯᠳᠠᠯᠭ᠎ᠠ ᠲᠠᠢ ᠬᠥᠮᠦᠰ ᠤᠨ ᠱᠠᠭᠠᠷᠳᠠᠯᠭ᠎ᠠ ᠶᠢ ︽ᠪᠠᠲᠤ ᠠᠩᠬᠠᠷᠬᠤ︾ ᠬᠡᠷᠡᠭᠲᠡᠶ᠃ ᠡᠳ᠋ ᠪᠣᠳᠠᠰ ᠤᠨ ᠨᠥᠭᠡᠴᠡᠯᠡᠯᠲᠡ ᠪᠠ ᠪᠠᠲᠤᠯᠠᠭ᠎ᠠ ᠶᠢ ᠰᠠᠶᠢᠲᠤᠷ ᠠᠳᠬᠤᠵᠤ᠂ ︽ᠤᠷᠢᠳᠴᠢᠯᠠᠨ ᠪᠣᠳᠠᠲᠠᠶᠢᠵᠢᠭᠤᠯᠬᠤ︾ ᠶᠢ ᠪᠡᠶᠡᠯᠡᠭᠦᠯᠵᠦ᠂ ᠵᠠᠮ ᠬᠠᠷᠢᠯᠴᠠᠭᠠᠨ ᠤ ᠴᠢᠬᠤᠯᠠ ᠵᠦᠢᠯ ᠢ ᠴᠢᠩᠭ᠎ᠠ ᠬᠠᠮᠢᠶᠠᠷᠴᠤ᠂ ᠲᠤᠰᠠᠭᠠᠷᠯᠠᠭᠰᠠᠨ ᠪᠠᠭᠤᠳᠠᠯ ᠤᠨ ᠬᠠᠮᠢᠶᠠᠷᠤᠯᠲᠠ ᠶᠢ ᠵᠢᠷᠤᠮᠵᠢᠭᠤᠯᠤᠨ᠂ ᠨᠡᠶᠢᠭᠡᠮ ᠤᠨ ᠬᠡᠪᠴᠢᠶ᠎ᠡ ᠶᠢ ᠪᠥᠬᠦ ᠲᠠᠯ᠎ᠠ ᠪᠠᠷ ᠬᠠᠮᠢᠶᠠᠷᠤᠨ ᠡᠵᠡᠮᠳᠡᠬᠦ ᠶᠢᠨ ᠬᠠᠮᠲᠤ ᠤᠬᠠᠭᠤᠯᠤᠨ ᠬᠥᠲᠥᠯᠦᠨ ᠵᠢᠯᠣᠭᠤᠳᠬᠤ᠂ ᠸᠠᠺᠼᠢᠨ ᠤ ᠲᠠᠷᠢᠯᠭ᠎ᠠ ᠬᠢᠬᠦ᠂ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠵᠤ ᠮᠡᠳᠡᠭᠦᠯᠦᠨ ᠬᠦᠷᠭᠡᠬᠦ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠪᠠᠯᠭᠠᠰᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠵᠠᠪᠠᠯ ︽ᠬᠤᠶᠠᠷ ᠢ ᠬᠠᠮᠠᠭᠠᠯᠠᠬᠤ︾ ᠦᠨᠳᠦᠷᠴᠡ ᠳᠤ ᠵᠣᠭᠰᠣᠨ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠶᠡᠷᠦᠩᠬᠡᠶ ᠱᠠᠭᠠᠷᠳᠠᠯᠭ᠎ᠠ᠂ ᠴᠡᠭᠴᠡᠯᠡᠨ ᠵᠠᠰᠠᠬᠤ ᠡᠭᠦᠷᠭᠡ᠂ ᠠᠵᠢᠯ ᠤᠨ ᠠᠯᠬᠤᠮ ᠳᠠᠷᠠᠭ᠎ᠠ ᠪᠠ ᠪᠣᠳᠠᠲᠠᠶ ᠠᠷᠭ᠎ᠠ ᠬᠡᠮᠵᠢᠶ᠎ᠡ ᠶᠢ ᠣᠨᠣᠪᠴᠢᠲᠠᠶ ᠡᠵᠡᠮᠰᠢᠵᠦ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠬᠢᠨᠠᠮᠠᠭᠠᠶ ᠰᠠᠶᠢᠲᠤᠷ ᠠᠳᠬᠤᠬᠤ ᠬᠡᠷᠡᠭᠲᠡᠶ᠃ ᠬᠦᠴᠢᠷ ᠪᠡᠷᠬᠡᠰᠢᠶᠡᠯ ᠢ ᠴᠢᠷᠮᠠᠶᠢᠨ ᠢᠯᠠᠨ ᠳᠠᠪᠠᠭ᠋ᠤ ᠬᠡᠷᠡᠭᠲᠡᠶ᠃ ᠣᠲᠣ ᠶᠢᠨ ᠪᠠᠶᠢᠭ᠎ᠠ ᠡᠳ᠋ ᠤᠨ ᠬᠦᠴᠦᠨ ᠤ ᠪᠠᠶᠢᠳᠠᠯ ᠳᠠᠭᠠᠨ ᠰᠠᠭᠤᠷᠢᠯᠠᠨ᠂ ᠥᠷᠢ ᠥᠭᠴᠡᠭᠡ ᠶᠢ ᠠᠷᠢᠯᠭᠠᠬᠤ ᠰᠡᠳᠬᠢᠴᠡ ᠪᠠᠨ ᠤᠯᠠᠮ ᠨᠢᠭᠡ ᠠᠯᠬᠤᠮ ᠥᠷᠭᠡᠳᠬᠡᠵᠦ᠂ ᠪᠠᠯᠠ ᠮᠥᠩᠭᠦ ᠴᠤᠭᠯᠠᠭᠤᠯᠬᠤ᠂ ᠡᠳ᠋ ᠬᠥᠷᠥᠩᠭᠡ ᠶᠢ ᠠᠮᠢᠳᠤᠯᠢᠭ ᠪᠣᠯᠭᠠᠬᠤ᠂ ᠪᠠᠯᠠ ᠮᠥᠩᠭᠦ ᠶᠢ ᠠᠵᠢᠯᠯᠠᠭᠤᠯᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠷᠢ ᠥᠭᠴᠡᠭᠡ ᠶᠢ ᠠᠷᠢᠯᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠥᠭᠵᠢᠯᠲᠡ ᠶᠢᠨ ᠬᠠᠷᠠᠴᠠ ᠪᠠᠷ ᠥᠷᠢ ᠥᠭᠴᠡᠭᠡ ᠶᠢ ᠠᠷᠢᠯᠭᠠᠬᠤ ᠶᠢ ᠰᠦᠪᠡᠭᠴᠢᠯᠡᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠪᠠᠲᠤᠯᠠᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠠᠷᠭ᠎ᠠ ᠪᠦᠬᠦᠨ ᠢ ᠰᠦᠪᠡᠭᠴᠢᠯᠡᠨ 2021 ᠣᠨ ᠤ ᠪᠥᠬᠦ ᠰᠢᠶᠠᠨ ᠤ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠠᠵᠢᠯ ᠢ ᠰᠠᠶᠢᠲᠤᠷ ᠬᠢᠵᠦ᠂ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠪᠠᠨ ᠴᠠᠭ ᠲᠤᠬᠠᠶ ᠳᠤᠨᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃      ᠰᠢᠶᠠᠨ ᠤ ᠤᠳᠤᠷᠢᠳᠤᠯᠭ᠎ᠠ ᠰᠦᠨ ᠰᠢᠶᠦ᠋ᠨ᠂ ᠶᠦᠨ ᠷᠦᠢ ᠵᠢᠶᠦ᠋ᠨ᠂ ᠸᠠᠩ ᠮᠢᠩ᠂ ᠰᠢᠶᠠᠨ ᠤ ᠨᠠᠮ ᠤᠨ ᠬᠤᠷᠢᠶ᠎ᠠ ᠶᠢᠨ ᠡᠯ᠎ᠡ ᠪᠠᠶᠢᠩᠭᠤ ᠶᠢᠨ ᠭᠡᠰᠢᠭᠦᠨ᠂ ᠰᠢᠶᠠᠨ ᠭᠠᠵᠠᠷ ᠤᠨ ᠲᠡᠰ ᠤᠨ ᠬᠠᠮᠢᠶ᠎ᠠ ᠪᠦᠬᠦᠢ ᠤᠳᠤᠷᠢᠳᠤᠯᠭ᠎ᠠ᠂ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1