2018 ᠣᠨ ᠠᠴᠠ ᠨᠠᠰᠢ᠂ ᠲᠣᠭᠲᠠᠬᠤ ᠰᠢᠶᠠᠨ ᠤ ᠬᠢᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ | ᠲᠦᠷᠦᠯ ᠵᠦᠢᠯ ᠤᠨ ᠪᠡᠯᠡ ᠮᠥᠩᠭᠦ ᠶᠢ 2670 ᠲᠦᠮᠡᠨ ᠲᠥᠭᠦᠷᠢᠭ ᠤᠯᠵᠤ᠂ ᠡᠰᠢ ᠰᠦᠷᠡᠯ ᠢ ᠶᠡᠷᠦᠩᠬᠡᠶᠢᠯᠡᠨ | ᠠᠰᠢᠭᠯᠠᠬᠤ ᠵᠣᠬᠢᠶᠠᠨ ᠪᠠᠶᠢᠭᠤᠯᠤᠯᠲᠠ ᠨᠢᠭᠡᠨᠲᠡ 90 ᠭᠠᠷᠤᠢ ᠳᠤ ᠬᠦᠷᠴᠡᠢ᠃ ᠡᠭᠦᠨ ᠳᠤ᠂ ᠡᠰᠢ ᠰᠦᠷᠡᠯ ᠢ | ᠪᠣᠷᠳᠤᠭ᠎ᠠ ᠪᠣᠯᠭᠠᠨ ᠡᠳ᠋ᠰᠢᠭᠦᠯᠦᠨ ᠠᠰᠢᠭᠯᠠᠬᠤ 7 ᠡᠷᠦᠬᠡ᠂ ᠪᠣᠷᠲᠣᠭᠤᠷ ᠪᠣᠯᠭᠠᠨ ᠠᠰᠢᠭᠯᠠᠬᠤ 3 ᠡᠷᠦᠬᠡ᠂ | ᠲᠦᠯᠡᠰᠢ ᠪᠣᠯᠭᠠᠨ ᠠᠰᠢᠭᠯᠠᠬᠤ 3 ᠡᠷᠦᠬᠡ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ 200 ᠭᠠᠷᠤᠶ ᠢᠵᠢ | ᠮᠠᠰᠢᠨ ᠬᠤᠳᠠᠯᠳᠤᠨ ᠠᠪᠴᠠᠶ᠃ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠳᠤ ᠲᠡᠵᠢᠭᠡᠯ ᠪᠣᠷᠳᠤᠭ᠎ᠠ ᠪᠣᠯᠭᠠᠬᠤ᠂ | ᠪᠣᠷᠲᠣᠭᠤᠷ ᠪᠣᠯᠭᠠᠬᠤ᠂ ᠲᠦᠯᠡᠰᠢ ᠪᠣᠯᠭᠠᠬᠤ ᠶᠠᠪᠤᠳᠠᠯ ᠢ ᠳᠥᠯᠭᠢᠨ ᠠᠬᠢᠭᠤᠯᠬᠤ ᠪᠠᠷ ᠳᠠᠮᠵᠢᠭᠤᠯᠤᠨ᠂ | ᠲᠠᠷᠢᠶᠠᠴᠢᠳ ᠤᠨ ᠨᠠᠮᠤᠷ ᠤᠨ ᠬᠤᠷᠢᠶᠠᠯᠲᠠ ᠶᠢᠨ ᠳᠠᠷᠠᠭᠠᠬᠢ ᠡᠰᠢ ᠰᠦᠷᠡᠯ ᠢ ᠰᠢᠢᠳᠪᠦᠷᠢᠯᠡᠬᠦ ᠪᠡᠷᠬᠡ ᠰᠡᠳᠦᠪ ᠢ | ᠪᠦᠲᠦᠮᠵᠢᠲᠡᠶ ᠰᠢᠢᠳᠪᠦᠷᠢᠯᠡᠭᠰᠡᠨ ᠪᠥᠭᠡᠳ ᠲᠠᠷᠢᠶᠠᠴᠢᠳ ᠤᠨ ᠨᠡᠶᠢᠳᠡᠮ ᠤᠨ ᠮᠠᠭᠲᠠᠭᠠᠯ ᠰᠠᠶᠢᠰᠢᠶᠠᠯ ᠢ ᠣᠯᠤᠭᠰᠠᠨ | ᠪᠠᠶᠢᠨ᠎ᠠ᠃ | | | | | | | | | ᠡᠨᠡ ᠵᠢᠯ᠂ ᠲᠣᠰ ᠰᠢᠶᠠᠨ 90 ᠭᠠᠷᠤᠶ ᠲᠦᠮᠡᠨ ᠮᠥ ᠡᠷᠳᠡᠨᠢ ᠰᠢᠰᠢ ᠳᠠᠷᠢᠵᠤ᠂ ᠲᠠᠷᠢᠶᠠᠴᠢᠳ ᠤᠨ | ᠨᠣᠭᠤᠭᠠᠨ ᠨᠥᠭᠡᠴᠡ ᠠᠴᠠ ᠭᠠᠳᠠᠨ᠎ᠠ 47.5 ᠲᠦᠮᠡᠨ ᠮᠥ ᠡᠰᠢ ᠰᠦᠷᠡᠯ ᠢ ᠪᠣᠭᠤᠵᠢᠯᠠᠵᠤ᠂ 46 ᠲᠦᠮᠡᠨ ᠮᠥ | ᠲᠠᠷᠢᠶᠠᠨ ᠭᠠᠵᠠᠷ ᠠᠴᠠ ᠰᠠᠯᠵᠤ᠂ 20 ᠲᠦᠮᠡᠨ ᠮᠥ ᠲᠠᠷᠢᠶᠠᠨ ᠭᠠᠵᠠᠷ ᠢ ᠭᠦᠨ ᠤᠷᠪᠠᠭᠤᠯᠤᠨ ᠪᠤᠴᠠᠭᠠᠵᠤ᠂ | ᠪᠤᠴᠠᠭᠠᠨ ᠬᠤᠷᠢᠶᠠᠭᠰᠠᠨ ᠨᠣᠷᠮ᠎ᠠ ᠨᠢ 95% ᠠᠴᠠ ᠳᠡᠭᠡᠭᠰᠢ ᠳᠤ ᠭᠦᠷᠦᠭᠰᠡᠨ ᠪᠠᠶᠢᠨ᠎ᠠ᠃ ︽ᠣᠳᠣᠬᠠᠨ ᠳᠤ ᠡᠰᠢ | ᠰᠦᠷᠡᠯ ᠢ ᠰᠢᠲᠠᠭᠠᠬᠤ ᠬᠡᠷᠡᠭ ᠦᠭᠡᠶ ᠪᠣᠯᠵᠠᠶ᠂ ᠭᠠᠯ ᠢ ᠰᠡᠷᠭᠡᠶᠢᠯᠡᠬᠦ ᠮᠥᠷᠲᠡᠭᠡᠨ ᠣᠷᠴᠢᠨ ᠠᠬᠤᠶ ᠶᠢ ᠬᠠᠮᠠᠭᠠᠯᠠᠵᠤ | ᠪᠠᠶᠢᠨ᠎ᠠ᠂ ᠮᠠᠨ ᠤ ᠲᠠᠷᠢᠶᠠᠴᠢᠳ ᠴᠤ ᠲᠡᠭᠦᠨ ᠢ ᠬᠤᠷᠢᠶᠠᠨ ᠠᠪᠴᠢᠷᠠᠬᠤ ᠳᠤᠮᠳᠠ ᠠᠴᠠ ᠠᠰᠢᠭ ᠭᠥᠷᠳᠡᠵᠦ ᠪᠣᠯᠤᠨ᠎ᠠ᠂ | ᠡᠨᠡ ᠪᠣᠯ ᠦᠨᠡᠬᠡᠷ ᠤᠯᠤᠰ ᠣᠷᠣᠨ ᠪᠠ ᠠᠷᠠᠳ ᠲᠦᠮᠡᠨ ᠳᠤ ᠠᠰᠢᠭᠲᠠᠶ ᠰᠠᠶᠢᠨ ᠶᠠᠪᠤᠳᠠᠯ ᠮᠥᠨ︾ ᠭᠡᠵᠦ | ᠨᠠᠶᠢᠵᠠ ᠭᠡᠷ ᠲᠣᠰᠬᠤᠨ ᠤ ᠠᠷᠠᠳ ᠭᠤᠤ ᠰᠦᠸᠧ ᠪᠠᠨ ᠰᠤᠷᠪᠤᠯᠵᠢᠯᠠᠭᠴᠢ ᠳᠤ ᠬᠡᠯᠡᠪᠡ᠃ | ᠣᠶᠢᠷ᠎ᠠ ᠶᠢᠨ ᠵᠢᠯ ᠤᠳ ᠲᠤ᠂ ᠲᠣᠭᠲᠠᠬᠤ ᠰᠢᠶᠠᠨ ᠤᠬᠠᠭᠤᠯᠭ᠎ᠠ ᠪᠠᠷ ᠳᠡᠮᠵᠢᠨ᠂ ᠲᠠᠷᠢᠶᠠᠴᠢᠨ ᠣᠯᠠᠨ | ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠲᠠᠨᠢᠯᠲᠠ ᠶᠢ ᠨᠢ ᠳᠡᠭᠡᠭᠰᠢᠯᠡᠭᠦᠯᠵᠦ᠂ ᠡᠰᠢ ᠰᠦᠷᠡᠯ ᠢ ᠰᠢᠲᠠᠭᠠᠬᠤ | ᠬᠤᠤᠷ ᠬᠥᠨᠥᠭᠡᠯᠲᠦ ᠴᠢᠨᠠᠷ ᠢ ᠲᠦᠭᠡᠮᠡᠯᠵᠢᠭᠦᠯᠦᠨ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ᠂ | ᠬᠥᠮᠦᠨ ᠪᠣᠯᠭᠠᠨ ᠬᠠᠷᠢᠭᠤᠴᠠᠯᠭ᠎ᠠ ᠲᠠᠢ ᠪᠠᠶᠢᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃ |