ᠲᠣᠭᠲᠠᠬᠤ ᠰᠢᠶᠠᠨ 2021 ᠣᠨ ᠤ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2021/12/5
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠵᠢᠴᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ᠂ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠦ᠂ ᠢᠳᠡᠷ ᠵᠠᠯᠠᠭᠤ ᠺᠠᠳ᠋ᠷᠴᠤᠳ ᠢ ᠬᠠᠪᠰᠤᠷᠤᠨ ᠲᠦᠷᠦ ᠶᠢᠨ ᠪᠤᠳᠤᠯᠭ᠎ᠠ ᠶᠢᠨ ᠤᠨᠤᠯ ᠤᠨ ᠲᠦᠪᠰᠢᠨ᠂ ᠨᠠᠮᠴᠢ ᠴᠢᠨᠠᠷ ᠤᠨ ᠪᠣᠯᠪᠠᠰᠤᠷᠠᠯ ᠪᠣᠯᠤᠨ ᠠᠵᠢᠯ ᠤᠨ ᠴᠢᠳᠠᠪᠤᠷᠢ ᠶᠢ ᠨᠢ ᠳᠡᠭᠡᠭᠰᠢᠯᠡᠭᠦᠯᠵᠦ᠂ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ ᠬᠥᠮᠦᠵᠢᠭᠦᠯᠦᠨ ᠪᠤᠢ  ᠪᠤᠯᠭᠠᠬᠤ ᠶᠢᠨ ᠲᠦᠯᠦᠭᠡ᠂ ᠤᠢᠢᠷ᠎ᠠ ᠶᠢᠨ ᠬᠤᠭᠤᠴᠠᠭᠠᠨ ᠳᠤ᠂ 2021 ᠣᠨ ᠤ ᠲᠣᠭᠲᠠᠬᠤ ᠰᠢᠶᠠᠨ ᠤ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠬᠢ ᠶᠢ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠰᠤᠷᠤᠯᠭ᠎ᠠ ᠡᠬᠢᠯᠡᠭᠦᠯᠪᠡ᠃
     ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠡᠦ ᠹᠦ᠋ ᠵᠥᠩ ᠨᠥᠬᠦᠷ ᠠᠩᠭᠢ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠰᠤᠷᠤᠭᠴᠢᠳ ᠲᠤ ᠪᠣᠳᠠᠲᠠᠶ ᠱᠠᠭᠠᠷᠳᠠᠯᠭ᠎ᠠ ᠳᠤᠷᠠᠳᠴᠠᠶ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠸᠠᠩ ᠮᠢᠩ ᠨᠥᠬᠦᠷ ︽ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠲᠣᠭᠤᠷᠢᠨ ᠳᠤ ᠲᠤᠰᠬᠠᠢ ᠰᠡᠳᠦᠪ ᠢᠶᠠᠷ ᠤᠬᠠᠭᠤᠯᠤᠨ ᠲᠠᠶᠢᠯᠪᠤᠷᠢᠯᠠᠪᠠ᠃
     ᠲᠣᠰ ᠤᠳᠠᠭᠠᠨ ᠤ ᠪᠣᠯᠪᠠᠰᠤᠷᠠᠭᠤᠯᠤᠯ ᠤᠨ ᠰᠤᠷᠤᠯᠭ᠎ᠠ ᠶᠢᠨ ᠬᠤᠭᠤᠴᠠᠭ᠎ᠠ 1 ᠰᠠᠷ᠎ᠠ᠂ ᠲᠥᠪᠯᠡᠷᠡᠭᠦᠯᠦᠨ ᠬᠢᠴᠢᠶᠡᠯᠯᠡᠬᠦ᠂  ᠸᠢᠳᠢᠤ᠋ ᠦᠵᠡᠬᠦ᠂ ᠰᠤᠳᠤᠯᠤᠨ ᠶᠠᠷᠢᠯᠴᠠᠵᠤ ᠰᠣᠯᠢᠯᠴᠠᠬᠤ᠂ ᠲᠤᠬᠠᠶ ᠶᠢᠨ ᠲᠠᠯᠠᠪᠤᠷ ᠲᠤ ᠵᠢᠭᠠᠨ ᠰᠤᠷᠭᠠᠬᠤ᠂ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠶᠢ ᠤᠶᠠᠯᠳᠤᠭᠤᠯᠬᠤ ᠬᠡᠯᠪᠡᠷᠢ ᠪᠠᠷ ᠶᠠᠪᠤᠭᠳᠠᠭᠤᠯᠤᠨ᠎ᠠ᠃ ᠵᠠᠯᠠᠭᠤ ᠺᠠᠳ᠋ᠷᠴᠤᠳ ᠤᠨ ᠦᠰᠦᠨ ᠪᠤᠶᠢᠵᠢᠬᠤ ᠵᠢᠮ᠎ᠡ ᠶᠣᠰᠣ ᠲᠠᠢ ᠤᠶᠠᠯᠳᠤᠭᠤᠯᠤᠨ᠂ ᠨᠠᠮᠴᠢ ᠴᠢᠨᠠᠷ ᠤᠨ ᠬᠡᠪ ᠪᠤᠯᠪᠠᠰᠤᠷᠠᠯ ᠪᠣᠯᠤᠨ ᠨᠠᠮᠴᠢ ᠴᠢᠨᠠᠷ ᠤᠨ ᠪᠣᠯᠪᠠᠰᠤᠷᠠᠯ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠤᠳᠤᠯᠭᠠᠨ᠂ ᠰᠢᠯᠢᠳᠡᠭ ᠤᠯᠠᠮᠵᠢᠯᠠᠯᠲᠤ ᠰᠣᠶᠣᠯ ᠤᠨ ᠬᠥᠮᠦᠵᠢᠯ᠂ ᠴᠢᠳᠠᠪᠤᠷᠢ ᠶᠢᠨ ᠳᠡᠭᠡᠭᠰᠢᠯᠡᠯᠲᠡ ᠪᠣᠯᠤᠨ ᠬᠡᠪ ᠴᠢᠨᠠᠷ ᠤᠨ ᠬᠥᠮᠦᠵᠢᠯ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠪᠠᠷ ᠵᠢᠭᠠᠨ ᠰᠤᠷᠭᠠᠯᠲᠠ ᠶᠢ ᠥᠷᠨᠢᠭᠦᠯᠦᠨ᠎ᠡ᠃ ᠡᠭᠦᠨ ᠤ ᠬᠠᠮᠲᠤ ᠰᠢᠶᠠᠨ ᠤ ᠨᠠᠮ ᠤᠨ ᠬᠤᠷᠢᠶᠠᠨ ᠤ ᠭᠤᠣᠯ ᠠᠵᠢᠯ᠂ ᠣᠳᠣᠬᠠᠨ ᠤ ᠪᠠᠶᠢᠳᠠᠯ ᠡᠭᠦᠷᠭᠡ ᠪᠣᠯᠤᠨ ᠺᠠᠳ᠋ᠷ ᠤᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠲᠠᠢ ᠨᠢᠭᠲᠠ ᠤᠶᠠᠯᠳᠤᠭᠤᠯᠤᠨ ᠲᠤᠰᠬᠠᠢ ᠰᠡᠳᠦᠪ ᠢᠶᠠᠷ ᠬᠠᠪᠰᠤᠷᠤᠨ ᠵᠢᠯᠣᠭᠤᠳᠤᠨ᠎ᠠ᠃ ᠲᠣᠰ ᠤᠳᠠᠭᠠᠨ ᠤ ᠪᠣᠯᠪᠠᠰᠤᠷᠠᠯ ᠤᠨ ᠠᠩᠭᠢ ᠶᠢᠨ ᠬᠢᠴᠢᠶᠡᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ ᠣᠨᠴᠠᠭᠠᠶᠢᠯᠠᠨ ᠬᠡᠰᠡᠭ ᠰᠢᠶᠠᠨ ᠭᠠᠵᠠᠷ ᠤᠨ ᠲᠠᠰ ᠤᠨ ᠤᠳᠤᠷᠢᠳᠤᠯᠭ᠎ᠠ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠨᠡᠷ᠎ᠡ ᠬᠦᠨᠳᠦᠲᠦ ᠫᠷᠦᠫᠰᠰᠤᠷ ᠪᠣᠯᠤᠨ ᠴᠢᠩ ᠱᠦᠶ ᠾᠧ ᠰᠢᠶᠠᠨ ᠤ ᠨᠠᠮ ᠤᠨ ᠰᠤᠷᠭᠠᠭᠤᠯᠢ ᠶᠢᠨ ᠰᠢᠯᠢᠳᠡᠭ ᠪᠠᠭᠰᠢ ᠶᠢ ᠤᠷᠢᠵᠤ ᠬᠢᠴᠢᠶᠡᠯ ᠵᠢᠭᠠᠯᠭᠠᠵᠤ᠂ ᠪᠣᠯᠪᠠᠰᠤᠷᠠᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
     ᠥᠷᠭᠡᠨ ᠣᠯᠠᠨ ᠰᠤᠷᠤᠭᠴᠢᠳ ᠤᠨ ᠬᠡᠯᠡᠬᠦ ᠪᠠᠷ᠂ ᠲᠤᠰ ᠤᠳᠠᠭᠠᠨ ᠤ ᠰᠤᠷᠤᠯᠴᠠᠯᠭ᠎ᠠ ᠪᠣᠯᠪᠠᠰᠤᠷᠠᠯ ᠤᠨ ᠵᠠᠪᠰᠢᠶᠠᠨ ᠢ ᠨᠠᠨᠳᠢᠩᠨᠠᠵᠤ᠂ ᠰᠤᠷᠤᠯᠴᠠᠬᠤ ᠪᠠ ᠰᠤᠳᠤᠯᠤᠨ ᠶᠠᠷᠢᠯᠴᠠᠬᠤ ᠪᠠᠷ ᠳᠠᠮᠵᠢᠭᠤᠯᠤᠨ᠂ ︽ᠲᠦᠷᠪᠡᠨ ᠤᠬᠠᠮᠰᠠᠷ ︾ ᠢ ᠪᠠᠲᠤ ᠪᠠᠬᠢ ᠪᠤᠢ ᠪᠣᠯᠭᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠨ᠂ ᠤᠨᠤᠯ ᠤᠨ ᠪᠣᠯᠪᠠᠰᠤᠷᠠᠯ ᠪᠠ ᠨᠠᠮᠴᠢ ᠴᠢᠨᠠᠷ ᠤᠨ ᠪᠣᠯᠪᠠᠰᠤᠷᠠᠯ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠭᠡᠷᠡᠴᠢᠯᠡᠯᠲᠡ ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠤᠨᠤᠯ ᠤᠨ ᠪᠠ ᠪᠣᠳᠠᠲᠤ ᠠᠰᠠᠭᠤᠳᠠᠯ ᠢ ᠣᠨᠣᠪᠴᠢᠲᠠᠶ ᠡᠵᠡᠮᠳᠡᠵᠦ᠂ ᠰᠢᠶᠠᠨ ᠤ ᠪᠠᠶᠢᠳᠠᠯ ᠤᠨ ᠲᠤᠬᠠᠶ ᠲᠠᠨᠢᠯᠲᠠ ᠪᠠᠨ ᠭᠦᠨᠵᠡᠭᠡᠶᠢᠷᠡᠭᠦᠯᠦᠨ᠂ ᠶᠡᠷᠦᠩᠬᠡᠶᠢᠯᠡᠭᠰᠡᠨ ᠬᠡᠪ ᠴᠢᠨᠠᠷ ᠪᠠ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠲᠣᠭᠲᠠᠬᠤ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠭᠡᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1