ᠲᠤᠭᠳᠠᠬᠤ ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠠᠵᠤ ᠠᠬᠤᠶᠢᠯᠠᠯ ᠳᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/12/5
      ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠳᠦᠰᠦᠨ ᠬᠠᠤᠯᠢ ᠶᠢᠨ ᠡᠷᠬᠡ ᠰᠦᠷ ᠢ ᠬᠠᠮᠠᠭᠠᠯᠠᠵᠤ᠂ ᠠᠵᠤ ᠠᠬᠤᠶᠢᠯᠠᠯ ᠤᠨ ᠠᠵᠢᠯᠳᠠᠨ ᠠᠵᠢᠯᠴᠢᠨ ᠤ ᠬᠠᠤᠯᠢ ᠶᠢ ᠵᠢᠷᠤᠮᠯᠠᠨ ᠬᠠᠤᠯᠢ ᠶᠢ ᠰᠠᠬᠢᠬᠤ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ︽ᠤᠯᠤᠰ ᠤᠨ ᠦᠨᠳᠦᠰᠦᠨ ᠬᠠᠤᠯᠢ ᠶᠢᠨ ᠡᠳᠦᠷ︾ ᠬᠦᠷᠴᠦ ᠢᠷᠡᠬᠦ ᠲᠠᠰᠢᠷᠠᠮ ᠢᠶᠠᠷ᠂ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠬᠠᠤᠯᠢ ᠴᠠᠭᠠᠵᠠ ᠶᠢᠨ ᠤᠬᠠᠭᠤᠯᠬᠤ ᠠᠩᠬᠢ ᠥᠪᠥᠷ ᠮᠣᠩᠭᠤᠯ ᠤᠨ ᠵᠢᠦ ᠲᠠᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠵᠦ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠠᠵᠤ ᠠᠬᠤᠶᠢᠯᠠᠯ ᠳᠤ ᠣᠷᠣᠭᠤᠯᠬᠤ ᠠᠵᠢᠯᠯᠠᠭ᠎ᠠ ᠶᠢ ᠥᠷᠨᠢᠭᠦᠯᠵᠡᠢ᠃
     ᠲᠣᠰ ᠤᠳᠠᠭᠠᠨ ᠤ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠶᠢᠨ ᠳᠤᠮᠳᠠ᠂ ᠠᠵᠢᠯᠲᠠᠳ ᠲᠤᠬᠠᠶ ᠶᠢᠨ ᠲᠠᠯᠠᠪᠤᠷ ᠤᠨ ᠠᠵᠢᠯᠲᠠᠨ ᠠᠵᠢᠯᠴᠢᠨ ᠳᠤ ᠬᠠᠤᠯᠢ ᠴᠠᠭᠠᠵᠠ ᠶᠢᠨ ᠵᠥᠪᠯᠡᠯᠭᠡ ᠬᠠᠩᠭᠠᠭᠰᠠᠨ ᠪᠥᠭᠡᠳ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷ ᠳᠡᠪᠲᠡᠷ᠂ ᠬᠠᠮᠲᠤ ᠪᠠᠷ ᠵᠦᠪᠳᠡᠯᠴᠡᠬᠦ ᠤᠬᠠᠭᠤᠯᠭ᠎ᠠ ᠶᠢᠨ ᠳᠡᠪᠲᠡᠷ᠂ ᠠᠵᠢᠯᠲᠠᠨ ᠠᠵᠢᠯᠴᠢᠨ ᠤ ᠡᠷᠬᠡ ᠪᠠᠨ ᠬᠠᠮᠠᠭᠠᠯᠠᠬᠤ  ᠦᠢᠯᠡᠴᠢᠯᠡᠭᠡᠨ ᠤ ᠭᠠᠷ ᠳᠡᠪᠲᠡᠷ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 1000 ᠭᠠᠷᠤᠶ ᠬᠤᠪᠢ ᠲᠠᠷᠬᠠᠭᠠᠭᠰᠠᠨ ᠪᠠᠶᠢᠨ᠎ᠠ᠃
     ᠲᠣᠰ ᠤᠳᠠᠭᠠᠨ ᠤ ᠠᠵᠢᠯᠯᠠᠭ᠎ᠠ ᠨᠢ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠬᠠᠤᠯᠢ ᠶᠢᠨ ᠲᠤᠬᠠᠶ ᠣᠶᠢᠯᠠᠭᠠᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠦᠨᠳᠦᠰᠦᠨ ᠬᠠᠤᠯᠢ ᠶᠢ ᠰᠤᠷᠤᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠨ᠂ ᠥᠷᠭᠡᠨ ᠣᠯᠠᠨ ᠠᠵᠢᠯᠲᠠᠨ ᠠᠵᠢᠯᠴᠢᠨ ᠤ ᠬᠠᠤᠯᠢ ᠶᠢ ᠰᠤᠷᠤᠯᠴᠠᠬᠤ᠂ ᠬᠠᠤᠯᠢ ᠶᠢ ᠬᠦᠨᠳᠦᠳᠬᠡᠬᠦ᠂ ᠬᠠᠤᠯᠢ ᠶᠢ ᠬᠡᠷᠡᠭᠯᠡᠬᠦ᠂ ᠬᠠᠤᠯᠢ ᠶᠢ ᠰᠠᠬᠢᠬᠤ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1