ᠱᠠᠨᠳᠦ᠋ᠩ ᠮᠤᠵᠢ ᠶᠢᠨ ᠶᠸᠤ ᠹᠠᠩ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠲᠣᠭᠲᠠᠬᠤ ᠰᠢᠶᠠᠨ ᠤ 50 ᠬᠦᠴᠢᠷᠳᠡᠯᠲᠡᠶ ᠰᠣᠷᠣᠭᠴᠢ ᠶᠢ ᠳᠠᠬᠢᠨᠲᠠ ᠲᠡᠳᠬᠦᠪᠡ
ᠨᠡᠶᠢᠲᠡᠯᠡᠭᠰᠡᠨ ᠴᠠᠭ᠄
2021/12/5
      12 ᠳ᠋ᠤᠭᠠᠷ ᠰᠠᠷ᠎ᠠ ᠶᠢᠨ 2 ᠤᠨ ᠡᠳᠦᠷ᠂ ᠱᠠᠨᠳᠦ᠋ᠩ ᠮᠤᠵᠢ ᠶᠢᠨ ᠶᠸᠤ ᠹᠠᠩ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ︽ᠶᠸᠤ ᠹᠠᠩ ᠤᠷᠮᠠᠰᠢᠭᠤᠯᠤᠨ ᠵᠣᠷᠢᠭᠵᠢᠭᠤᠯᠬᠤ ᠰᠤᠷᠤᠯᠭ᠎ᠠ ᠶᠢᠨ ᠱᠠᠩᠨᠠᠯ ᠤᠨ ᠮᠥᠩᠭᠦ︾ ︵ᠲᠣᠭᠲᠠᠬᠤ ᠰᠢᠶᠠᠨ︶ ᠠᠴᠠ ᠲᠣᠭᠲᠠᠬᠤ ᠰᠢᠶᠠᠨ ᠤ ᠨᠢᠭᠡᠳᠦᠭᠡᠷ᠂ ᠭᠤᠷᠪᠠᠳᠤᠭᠠᠷ ᠪᠠ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ 50 ᠬᠦᠴᠢᠷᠳᠡᠯᠲᠡᠶ ᠰᠣᠷᠣᠭᠴᠢ ᠳᠤ ᠬᠥᠮᠦᠨ ᠪᠦᠷᠢ ᠳᠤ 3600 ᠲᠥᠭᠦᠷᠢᠭ ᠨᠡᠶᠢᠲᠡ 18 ᠲᠦᠮᠡᠨ ᠲᠥᠭᠦᠷᠢᠭ ᠤᠨ ᠤᠷᠮᠠᠰᠢᠭᠤᠯᠤᠨ ᠵᠣᠷᠢᠭᠵᠢᠭᠤᠯᠬᠤ ᠰᠤᠷᠤᠯᠭ᠎ᠠ ᠶᠢᠨ ᠱᠠᠩᠨᠠᠯ ᠤᠨ ᠮᠥᠩᠭᠦ ᠣᠯᠭᠤᠪᠠ᠃ ᠲᠣᠭᠲᠠᠬᠤ ᠰᠢᠶᠠᠨ ᠤ ᠳᠡᠳ᠋ ᠳᠠᠷᠤᠭ᠎ᠠ ᠶᠠᠩ ᠶᠢᠨ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ᠂ ᠱᠠᠨᠳᠦ᠋ᠩ ᠮᠤᠵᠢ ᠶᠢᠨ ᠶᠸᠤ ᠹᠠᠩ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ᠂ ᠥᠪᠥᠷ ᠮᠣᠩᠭᠤᠯ ᠤᠨ ᠵᠢᠦ ᠲᠠᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠵᠢᠴᠢ ᠭᠤᠷᠪᠠᠨ ᠰᠤᠷᠭᠠᠭᠤᠯᠢ ᠶᠢᠨ ᠪᠠᠭᠰᠢ ᠪᠣᠯᠤᠨ ᠰᠤᠷᠤᠭᠴᠢᠳ ᠱᠠᠩᠨᠠᠯ ᠤᠨ ᠮᠥᠩᠭᠦ ᠣᠯᠭᠤᠬᠤ ᠶᠣᠰᠣᠯᠠᠯ ᠳᠤ ᠣᠷᠣᠯᠴᠠᠵᠠᠶ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1