ᠰᠢᠨ᠎ᠡ ᠶᠢᠩᠽᠢ ᠪᠠᠯᠭᠠᠰᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠢᠯᠠᠯᠲᠠ ᠲᠠᠢ ᠦᠨᠳᠦᠷᠯᠡᠪᠡ
ᠨᠡᠶᠢᠲᠡᠯᠡᠭᠰᠡᠨ ᠴᠠᠭ᠄
2021/12/8
      12 ᠳ᠋ᠤᠭᠠᠷ ᠰᠠᠷ᠎ᠠ ᠶᠢᠨ 6 ᠤ ᠡᠳᠦᠷ᠂ ᠰᠢᠨ᠎ᠡ ᠶᠢᠩᠽᠢ ᠪᠠᠯᠭᠠᠰᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠰᠢᠨ᠎ᠡ ᠶᠢᠩᠽᠢ ᠪᠠᠯᠭᠠᠰᠤᠨ ᠤ ᠵᠠᠰᠠᠭ ᠤᠨ ᠣᠷᠳᠣᠨ ᠤ ᠪᠠᠷᠠᠭᠤᠨ ᠬᠤᠶᠠᠳᠤᠭᠠᠷ ᠳᠠᠪᠬᠤᠷᠯᠢᠭ ᠤᠨ ᠬᠤᠷᠠᠯ ᠤᠨ ᠬᠡᠷ‌‍ᠲ᠋ᠤ ᠢᠯᠠᠯᠲᠠ ᠲᠠᠢ ᠪᠠᠷ ᠦᠨᠳᠦᠷᠯᠡᠪᠡ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠧᠨ ᠵᠢᠶᠠᠩ ᠬᠠᠶ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠣᠷᠴᠢᠨ ᠠᠬᠤᠶ ᠶᠢᠨ ᠬᠠᠮᠠᠭᠠᠯᠠᠯᠲᠠ ᠶᠢᠨ ᠠᠵᠢᠯ ᠤᠨ ᠵᠥᠪᠯᠡᠯ᠂ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠲᠣᠭᠲᠠᠬᠤ ᠰᠢᠶᠠᠨ ᠤ ᠬᠤᠭᠤᠴᠠᠭ᠎ᠠ ᠰᠣᠯᠢᠬᠤ ᠳᠥᠷᠪᠡᠳᠦᠭᠡᠷ ᠵᠢᠯᠣᠭᠤᠳᠬᠤ ᠳᠤᠭᠤᠶᠢᠯᠠᠩ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ ᠪᠦᠬᠦ ᠪᠠᠯᠭᠠᠰᠤᠨ ᠤ ᠡᠯ᠎ᠡ ᠹᠷᠣᠨᠲ ᠠᠴᠠ ᠢᠷᠡᠭᠰᠡᠨ ᠲᠥᠯᠥᠭᠡᠯᠡᠭᠴᠢᠳ ᠪᠦᠬᠦ ᠪᠠᠯᠭᠠᠰᠤᠨ ᠤ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠨ ᠬᠤᠷᠠᠯ ᠤᠨ ᠲᠠᠯᠠᠪᠠᠢ ᠳᠤ ᠣᠷᠣᠵᠤ᠂ ᠦᠨᠳᠦᠰᠦᠨ ᠬᠠᠤᠯᠢ ᠪᠣᠯᠤᠨ ᠬᠠᠤᠯᠢ ᠴᠠᠭᠠᠵᠠ ᠠᠴᠠ ᠣᠯᠭᠤᠭᠰᠠᠨ ᠲᠠᠷᠬᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠢᠨ᠎ᠡ ᠶᠢᠩᠽᠢ ᠪᠠᠯᠭᠠᠰᠤᠨ ᠤ ᠬᠥᠭᠵᠢᠯᠲᠡ ᠶᠢᠨ ᠶᠡᠭᠡ ᠪᠤᠳᠤᠯᠭ᠎ᠠ ᠶᠢ ᠬᠠᠮᠲᠤᠪᠠᠷ ᠵᠥᠪᠳᠡᠯᠴᠡᠪᠡ᠃ ᠲᠤᠰ ᠤᠳᠠᠭ᠎ᠠ ᠶᠢᠨ ᠶᠡᠭᠡ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 78 ᠬᠥᠮᠦᠨ᠂ ᠪᠣᠳᠠᠲᠠᠢ ᠣᠷᠣᠯᠴᠠᠭᠰᠠᠨ ᠲᠥᠯᠥᠭᠡᠯᠡᠭᠴᠢ 77 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠵᠡᠢ᠃
     ᠬᠤᠷᠠᠯ ᠠᠴᠠ ︽ᠰᠢᠨ᠎ᠡ ᠶᠢᠩᠽᠢ ᠪᠠᠯᠭᠠᠰᠤ ᠶᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠂ ︽ᠰᠢᠨ᠎ᠡ ᠶᠢᠩᠽᠢ ᠪᠠᠯᠭᠠᠰᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠢᠯᠡᠳᠬᠡᠯ︾᠂ ︽ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠥᠭᠬᠦ ᠲᠦᠷᠢᠮ ᠤᠨ ᠠᠵᠢᠯ ᠤᠨ ᠲᠤᠰᠬᠠᠢ ᠰᠡᠳᠦᠪᠲᠦ ᠮᠡᠳᠡᠭᠦᠯᠦᠯᠲᠡ︾᠂ ︽ᠰᠢᠨ᠎ᠡ ᠶᠢᠩᠽᠢ ᠪᠠᠯᠭᠠᠰᠤ ᠶᠢᠨ 2021 ᠣᠨ ᠤ ᠡᠳ᠋ ᠤᠨ ᠵᠠᠰᠠᠭ ᠤᠨ ᠲᠥᠰᠦᠪ ᠤᠨ ᠭᠦᠢᠴᠡᠳᠬᠡᠭᠰᠡᠨ ᠪᠠᠶᠢᠳᠠᠯ ᠪᠣᠯᠤᠨ 2022 ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠬᠡᠯ ᠤᠨ ᠪᠠᠶᠢᠳᠠᠯ ᠤᠨ ᠲᠤᠬᠠᠢ ᠮᠡᠳᠡᠭᠦᠯᠦᠯᠲᠡ︾ ᠶᠢ ᠰᠣᠨᠣᠰᠴᠤ ᠬᠢᠨᠠᠨ ᠵᠥᠪᠯᠡᠵᠦ ᠪᠠᠲᠤᠯᠠᠪᠠ᠃
     ᠬᠤᠷᠠᠯ ᠳᠡᠭᠡᠷ᠎ᠡ ᠪᠢᠯᠧᠲ ᠥᠭᠴᠦ ᠲᠠᠰᠤᠯᠤᠯᠳᠠ ᠬᠢᠵᠦ ︽ᠬᠦᠷᠢᠶᠡᠳᠦ ᠲᠣᠰᠬᠤᠨ ᠤ ᠵᠠᠮ ᠢ ᠬᠠᠲᠠᠭᠤᠷᠠᠭᠤᠯᠬᠤ ᠲᠦᠷᠦᠯ ᠵᠦᠢᠯ︾᠂ ︽ᠡᡁᠧ ᠱᠦᠢ ᠴᠢᠤᠸᠠᠨ ᠲᠣᠰᠬᠤᠨ ᠳᠤ ᠬᠤᠪᠢᠶᠠᠷᠢ ᠳᠠᠷᠤᠯᠲᠠᠲᠤ ᠤᠰᠤ ᠬᠠᠩᠭᠠᠬᠤ ᠰᠢᠰᠲ᠋ᠧᠮ ᠤᠭᠰᠠᠷᠠᠬᠤ ᠲᠦᠷᠦᠯ ᠵᠦᠢᠯ︾ ᠤᠨ 2 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠲᠣᠭᠲᠠᠭᠠᠪᠠ᠃
     ᠬᠤᠷᠠᠯ ᠠᠴᠠ ᠬᠠᠤᠯᠢ ᠳᠤ ᠲᠣᠭᠲᠠᠭᠠᠭᠰᠠᠨ ᠵᠢᠷᠤᠮ ᠶᠣᠰᠣᠭᠠᠷ᠂ ᠰᠣᠩᠭᠤᠭᠤᠯᠢ ᠪᠠᠷ ᠳᠡᠮᠵᠢᠨ᠂ ᠵᠠᠩ ᠮᠢᠩ ᠨᠥᠬᠦᠷ ᠰᠢᠨ᠎ᠡ ᠶᠢᠩᠽᠢ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠪᠠᠷ ᠰᠣᠩᠭᠤᠭᠳᠠᠵᠤ᠂ ᠭᠦᠸᠧ ᠰᠢᠶᠤᠤ ᠴᠢᠶᠠᠩ ᠨᠥᠬᠦᠷ ᠰᠢᠨ᠎ᠡ ᠶᠢᠩᠽᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠪᠠᠷ ᠰᠣᠩᠭᠤᠭᠳᠠᠵᠤ᠂ ᠵᠢᠶᠤᠤ ᠱᠧᠩ ᠯᠢ᠂ ᠯᠢ ᠰᠢ ᠯᠢᠨ᠂ ᠮᠧᠩ ᠹᠠᠨ ᠰᠢᠤᠸᠠᠢ ᠵᠡᠷᠭᠡ 3 ᠨᠥᠬᠦᠷ ᠰᠢᠨ᠎ᠡ ᠶᠢᠩᠽᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠷ ᠰᠣᠩᠭᠤᠭᠳᠠᠵᠠᠶ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1