ᠮᠠᠨ ᠤ ᠰᠢᠶᠠᠨ ᠤ ᠳᠥᠷᠪᠡᠨ ᠲᠣᠰᠬᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠪᠦᠯᠦᠭ ᠤᠷᠤᠨ ᠤ ᠲᠠᠰ ᠤᠨ ︽ᠨᠢᠭᠡ ᠲᠣᠰᠬᠤᠨ ᠨᠢᠭᠡ ᠦᠢᠯᠡᠳᠭᠦᠨ︾ ᠤ ᠵᠢᠱᠢᠶ᠎ᠡ ᠦᠵᠡᠭᠦᠯᠬᠦ ᠲᠣᠰᠬᠤᠨ ᠪᠠᠯᠭᠠᠰᠤ  ᠪᠠᠷ ᠠᠮᠵᠢᠯᠲᠠ ᠲᠠᠢ ᠪᠠᠷ ᠰᠣᠩᠭᠤᠭᠳᠠᠪᠠ
ᠨᠡᠶᠢᠲᠡᠯᠡᠭᠰᠡᠨ ᠴᠠᠭ᠄
2021/12/9
      ᠲᠥᠪ ᠤᠨ 1 ᠳ᠋ᠤᠭᠡᠷ ᠲᠣᠭᠠᠲᠤ ᠪᠢᠴᠢᠭ ᠮᠠᠲ᠋ᠧᠷᠢᠶᠠᠯ ᠪᠣᠯᠤᠨ ᠲᠥᠷᠥ ᠶᠢᠨ ᠶᠠᠪᠤᠳᠠᠯ ᠤᠨ ᠬᠤᠷᠢᠶᠠᠨ ᠤ ︽ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠶ ᠵᠢᠯᠣᠭᠤᠳᠬᠤ ᠰᠠᠨᠠᠯ︾ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠶᠢᠨ ᠲᠥᠯᠥᠭᠡ᠂ ︽ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ᠤᠨ ᠠᠵᠢᠯ ᠤᠨ ᠪᠠᠶᠢᠷᠢᠯᠠᠭᠤᠯᠤᠯᠳᠠ ᠶᠢ ᠪᠤᠳᠠᠳᠠᠶᠢᠵᠢᠭᠤᠯᠵᠦ᠂ ᠬᠥᠳᠡᠭᠡ ᠲᠣᠰᠬᠤᠨ ᠤ ᠤᠨᠴᠠᠯᠢᠭᠳᠤ ᠠᠵᠤ ᠦᠢᠯᠡᠰ ᠢ ᠲᠦᠷᠭᠡᠳᠬᠡᠨ ᠬᠥᠭᠵᠢᠭᠦᠯᠦᠨ ᠪᠤᠵᠠᠭᠠᠶᠢᠷᠠᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠪᠦᠯᠦᠭ ᠤᠨ ᠤᠷᠤᠨ ᠤ ᠲᠠᠰ ᠤᠨ ︿ᠨᠢᠭᠡ ᠲᠣᠰᠬᠤᠨ ᠨᠢᠭᠡ ᠦᠢᠯᠡᠳᠭᠦᠨ﹀ ᠤ ᠵᠢᠱᠢᠶ᠎ᠡ ᠦᠵᠡᠭᠦᠯᠬᠦ ᠲᠣᠰᠬᠤᠨ ᠪᠠᠯᠭᠠᠰᠤ ᠶᠢ ᠭᠤᠶᠤᠴᠢᠯᠠᠨ ᠮᠡᠳᠡᠭᠦᠯᠬᠦ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠶ ᠭᠠᠷᠤᠯᠲᠠ ᠲᠠᠷᠬᠠᠭᠠᠭᠰᠠᠨ ﹇2021﹈ 372 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠲᠣᠭᠲᠠᠬᠤ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠲᠠᠢ ᠬᠠᠮᠵᠢᠯᠴᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠪᠦᠯᠦᠭ ᠤᠨ ᠤᠷᠤᠨ ᠤ ᠲᠠᠰ ᠤᠨ ︿ᠨᠢᠭᠡ ᠲᠣᠰᠬᠤᠨ ᠨᠢᠭᠡ ᠦᠢᠯᠡᠳᠭᠦᠨ﹀ ᠤ ᠵᠢᠱᠢᠶ᠎ᠡ ᠦᠵᠡᠭᠦᠯᠬᠦ ᠲᠣᠰᠬᠤᠨ ᠪᠠᠯᠭᠠᠰᠤ ᠶᠢ ᠦᠨᠡᠯᠡᠬᠦ ᠠᠵᠢᠯ ᠢ ᠥᠷᠨᠢᠭᠦᠯᠪᠡ᠃ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠠᠴᠠ ᠭᠤᠶᠤᠴᠢᠯᠠᠨ ᠮᠡᠳᠡᠭᠦᠯᠬᠦ᠂ ᠬᠥᠬᠡᠬᠤᠲᠠ ᠠᠴᠠ ᠬᠢᠨᠠᠨ ᠬᠠᠷᠭᠤᠭᠤᠯᠵᠤ ᠲᠠᠨᠢᠯᠴᠠᠭᠤᠯᠬᠤ ᠂ ᠲᠤᠰᠬᠠᠶ ᠮᠡᠷᠭᠡᠵᠢᠯᠲᠡᠨ ᠢᠶᠠᠷ ᠬᠢᠨᠠᠨ ᠲᠣᠭᠲᠠᠭᠠᠯᠭᠠᠬᠤ ᠵᠡᠷᠭᠡ ᠠᠯᠬᠤᠮ ᠳᠠᠷᠠᠭ᠎ᠠ ᠶᠢ ᠵᠣᠬᠢᠶᠠᠨ ᠪᠠᠶᠢᠭᠤᠯᠬᠤ ᠶᠢᠨ ᠬᠠᠮᠲᠤ ᠢᠯᠡ ᠨᠡᠶᠢᠲᠡᠯᠡᠬᠦ ᠪᠠᠷ ᠳᠡᠮᠵᠢᠨ ᠣᠨᠳᠣᠤ ᠰᠠᠨᠠᠯ ᠥᠬᠡᠶ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠠᠴᠠ ᠮᠠᠨ ᠤ ᠰᠢᠶᠠᠨ ᠤ ᠱᠤᠸᠠᠩ ᠾᠧ ᠪᠠᠯᠭᠠᠰᠤᠨ ᠤ ᠳ᠋ᠠ ᠶᠠᠩ ᠴᠠᠩ ᠲᠣᠰᠬᠤᠨ ᠵᠡᠷᠭᠡ 4 ᠲᠣᠰᠬᠤᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠪᠦᠯᠦᠭ ᠤᠨ ᠤᠷᠤᠨ ᠤ ᠲᠡᠰ ᠤᠨ ︽ᠨᠢᠭᠡ ᠲᠣᠰᠬᠤᠨ ᠨᠢᠭᠡ ᠦᠢᠯᠡᠳᠭᠦᠨ︾ ᠤ ᠵᠢᠱᠢᠶ᠎ᠡ ᠦᠵᠡᠭᠦᠯᠬᠦ ᠲᠣᠰᠬᠤᠨ ᠪᠠᠯᠭᠠᠰᠤ ᠪᠠᠷ ᠠᠮᠵᠢᠯᠲᠠ ᠲᠠᠢ ᠪᠠᠷ ᠰᠤᠩᠭᠤᠭᠳᠠᠪᠠ᠃ ᠱᠤᠸᠠᠩ ᠾᠧ ᠪᠠᠯᠭᠠᠰᠤ ᠶᠢᠨ ᠳ᠋ᠠ ᠶᠠᠩ ᠴᠠᠩ ᠲᠣᠰᠬᠤᠨ ᠤ ᠭᠤᠣᠯ ᠪᠣᠯᠬᠤ ᠪᠦᠲᠦᠭᠡᠭᠳᠡᠬᠦᠨ ᠨᠢ ᠵᠢᠮᠢᠰ ᠨᠣᠭᠤᠭ᠎ᠠ᠂ ᠲᠠᠪᠢᠨ ᠭᠡᠷ ᠪᠠᠯᠭᠠᠰᠤ ᠶᠢᠨ ᠳ᠋ᠠ ᠪᠸᠢ ᠶᠣᠣ ᠲᠣᠰᠬᠤᠨ ᠤ ᠭᠤᠣᠯ ᠪᠣᠯᠬᠤ ᠪᠦᠲᠦᠭᠡᠭᠳᠡᠬᠦᠨ ᠨᠢ ᠣᠷᠭᠠᠨᠢᠭ ᠡᠷᠳᠡᠨᠢ ᠰᠢᠰᠢ᠂ ᠬᠠᠳᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠲᠠ ᠬᠠᠮᠠᠭᠠᠯᠠᠯᠲᠠ ᠶᠢᠨ ᠲᠥᠪ ᠤᠨ ᠭᠡᠷᠡᠳᠦ ᠲᠣᠰᠬᠤᠨ ᠤ ᠭᠤᠣᠯ ᠪᠣᠯᠬᠤ ᠪᠦᠲᠦᠭᠡᠭᠳᠡᠬᠦᠨ ᠨᠢ ᠯᠠᠵᠤᠤ ᠪᠣᠯᠤᠨ᠎ᠠ᠂ ᠬᠤᠤ ᠵᠢᠶᠠ ᠶᠣᠣ ᠲᠣᠰᠬᠤᠨ ᠤ ᠭᠤᠣᠯ ᠪᠣᠯᠬᠤ ᠪᠦᠲᠦᠭᠡᠭᠳᠡᠬᠦᠨ ᠨᠢ ᠬᠥᠳᠡᠭᠡ ᠲᠣᠰᠬᠤᠨ ᠤ ᠵᠤᠭᠠᠴᠠᠯ ᠪᠣᠯᠤᠨ᠎ᠠ᠃      ᠲᠣᠰ ᠤᠳᠠᠭ᠎ᠠ ᠦᠨᠡᠯᠡᠨ ᠲᠣᠭᠲᠠᠭᠠᠭᠰᠠᠨ ᠵᠢᠱᠢᠶ᠎ᠡ ᠦᠵᠡᠭᠦᠯᠬᠦ ᠲᠣᠰᠬᠤᠨ ᠨᠢ ᠬᠥᠳᠡᠭᠡ ᠲᠣᠰᠬᠤᠨ ᠤ ᠠᠵᠤ ᠦᠢᠯᠡᠰ ᠤᠨ ᠴᠢᠳᠠᠮᠵᠢ ᠶᠢᠨ ᠥᠷᠲᠡᠭ ᠢ ᠤᠯᠠᠮ ᠨᠢᠭᠡ ᠠᠯᠬᠤᠮ ᠠᠭᠤᠳᠠᠯᠵᠤ᠂ ᠤᠨᠴᠠᠯᠢᠬᠳᠤ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠤᠨ ᠪᠥᠭᠡᠮᠨᠡᠷᠡᠬᠦ᠂ ᠪᠠᠷᠢᠮᠵᠢᠶᠠᠵᠢᠬᠤ᠂ ᠬᠡᠪᠴᠢᠶᠡᠵᠢᠬᠦ᠂ ᠨᠠᠷᠠᠲᠤ ᠲᠡᠮᠳᠡᠭᠵᠢᠬᠦ ᠬᠥᠭᠵᠢᠯᠲᠡ ᠶᠢ ᠠᠬᠢᠭᠤᠯᠤᠨ᠂ ᠤᠨᠴᠠᠯᠢᠬᠳᠤ ᠲᠣᠰᠬᠤᠨ ᠪᠠᠯᠭᠠᠰᠤ ᠶᠢᠨ ᠳᠣᠲᠣᠭᠠᠳᠤ ᠶᠢᠨ ᠬᠥᠳᠡᠯᠭᠡᠬᠦ ᠬᠦᠴᠦᠨ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠥᠬᠡᠶ ᠴᠢᠩᠭᠠᠷᠠᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠦᠨ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠣᠯᠤᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1