ᠮᠠᠨ ᠤ ᠬᠤᠲᠠ ︽ᠪᠦᠷᠢᠨ ᠴᠢᠳᠠᠮᠵᠢᠳᠤ ᠺᠠᠷᠲ︾ ᠢᠶᠠᠷ ᠳᠠᠮᠵᠢᠨ 1.49 ᠳ᠋ᠦᠩᠰᠢᠭᠤᠷ ᠲᠥᠭᠦᠷᠢᠭ ᠤᠨ ᠨᠥᠬᠦᠪᠥᠷᠢ ᠮᠥᠩᠭᠦ ᠲᠠᠷᠬᠠᠭᠠᠪᠠ
ᠨᠡᠶᠢᠲᠡᠯᠡᠭᠰᠡᠨ ᠴᠠᠭ᠄
2021/2/19
          ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠭᠤᠸ᠎ᠠ︶ 1 ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠬᠤᠲᠠ ︽ᠪᠦᠷᠢᠨ ᠴᠢᠳᠠᠮᠵᠢᠲᠤ ᠺᠠᠷᠲ︾ ᠢᠶᠠᠷ ᠳᠠᠮᠵᠢᠨ 14950.13 ᠲᠦᠮᠡᠨ ᠲᠥᠭᠦᠷᠢᠭ ᠤᠨ ᠨᠥᠬᠦᠪᠦᠷᠢ ᠮᠥᠩᠭᠦ ᠲᠠᠷᠬᠠᠭᠠᠪᠠ᠃ ᠡᠭᠦᠨ ᠳᠤ ᠲᠠᠷᠢᠶᠠᠴᠢᠳ ᠲᠤ ᠤᠯᠭᠤᠭᠰᠠᠨ ᠨᠥᠬᠦᠪᠥᠷᠢ ᠮᠥᠩᠭᠦ 13086.88 ᠲᠦᠮᠡᠨ ᠲᠥᠭᠦᠷᠢᠭ ᠪᠠᠶᠢᠵᠤ᠂ 87.54% ᠶᠢ ᠡᠵᠡᠯᠡᠵᠦ᠂ ᠬᠤᠲᠠ ᠪᠠᠯᠭᠠᠰᠤᠨ ᠤ ᠰᠠᠭᠤᠭᠠᠯᠢ ᠠᠷᠠᠳ ᠲᠤ ᠤᠯᠭᠤᠭᠰᠠᠨ ᠨᠥᠬᠦᠪᠥᠷᠢ ᠮᠥᠩᠭᠦ 1863.26 ᠲᠦᠮᠡᠨ ᠲᠥᠭᠦᠷᠢᠭ ᠪᠠᠶᠢᠵᠤ᠂ 12.46% ᠶᠢ ᠡᠵᠡᠯᠡᠵᠡᠢ᠃      1 ᠰᠠᠷ᠎ᠠ ᠳᠤ ᠲᠠᠷᠬᠠᠭᠠᠭᠰᠠᠨ ᠡᠳ᠋ ᠤᠨ ᠵᠠᠰᠠᠭ ᠤᠨ ᠨᠥᠬᠦᠪᠥᠷᠢ ᠮᠥᠩᠭᠦ ᠶᠢᠨ ᠳᠣᠲᠣᠷ᠎ᠠ᠂ ᠭᠤᠤᠯᠳᠠᠭᠤ ᠨᠡᠶᠢᠭᠡᠮ ᠤᠨ ᠪᠠᠲᠤᠯᠠᠭ᠎ᠠ ᠶᠢᠨ ᠲᠥᠷᠥᠯ᠂ ᠴᠠᠯᠢᠩ ᠤᠨ ᠨᠥᠬᠦᠪᠦᠷᠢ ᠶᠢᠨ ᠲᠥᠷᠥᠯ᠂ ᠣᠶ ᠰᠢᠭᠤᠶ ᠶᠢᠨ ᠲᠥᠷᠥᠯ᠂ ᠲᠥᠯᠥᠪᠯᠡᠭᠡᠲᠦ ᠦᠷᠡᠵᠢᠯ ᠤᠨ ᠨᠥᠬᠦᠪᠥᠷᠢ᠂ ᠪᠥᠲᠥᠭᠡᠨ ᠪᠠᠶᠢᠭᠤᠯᠤᠯᠲᠠ ᠶᠢᠨ ᠲᠥᠷᠥᠯ ᠤᠨ ᠨᠥᠬᠦᠪᠥᠷᠢ᠂ ᠮᠠᠯ ᠠᠵᠤ ᠠᠬᠤᠢ ᠶᠢᠨ ᠲᠥᠷᠥᠯ ᠵᠡᠷᠭᠡ ᠵᠢᠷᠭᠤᠭᠠᠨ ᠶᠡᠭᠡ ᠠᠷᠠᠳ ᠤᠨ ᠠᠮᠢᠳᠤᠷᠠᠯ ᠤᠨ ᠲᠥᠷᠥᠯ ᠤᠨ ᠨᠥᠬᠦᠪᠦᠷᠢ ᠮᠥᠩᠭᠦ ᠪᠠᠭᠳᠠᠵᠤ ᠪᠤᠢ᠃ ᠡᠳᠡᠭᠡᠷ ᠨᠥᠬᠦᠪᠦᠷᠢ ᠮᠥᠩᠭᠦ ᠨᠢ ᠪᠦᠬᠦ ᠬᠤᠲᠠ ᠶᠢᠨ 89 ᠰᠢᠶᠠᠩ ᠪᠠᠯᠭᠠᠰᠤ ᠵᠢᠴᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ ᠬᠤᠯᠪᠤᠭᠳᠠᠵᠤ᠂ 327133 ᠬᠥᠮᠦᠨ ᠤᠳᠠᠭ᠎ᠠ ᠳᠤ ᠲᠠᠷᠬᠠᠭᠠᠪᠠ᠂ ᠡᠭᠦᠨ ᠳᠤ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠥᠬᠦᠪᠥᠷᠢ ᠤᠯᠬᠤ ᠡᠲᠡᠭᠡᠳ 20948 ᠬᠥᠮᠦᠨ ᠪᠠᠶᠢᠵᠤ᠂ 6.4% ᠶᠢ ᠡᠵᠡᠯᠡᠨ᠂ ᠬᠥᠳᠡᠭᠡ ᠲᠣᠰᠬᠤᠨ ᠤ 306185 ᠬᠥᠮᠦᠨ ᠤᠳᠠᠭ᠎ᠠ ᠪᠠᠶᠢᠵᠤ᠂ 93.6% ᠶᠢ ᠡᠵᠡᠯᠡᠪᠡ᠃ ᠪᠠᠯᠠ ᠮᠥᠩᠭᠦ ᠶᠢᠨ ᠨᠥᠬᠦᠪᠥᠷᠢ ᠶᠢᠨ ᠲᠥᠷᠥᠯ ᠵᠦᠢᠯ ᠨᠡᠶᠢᠲᠡ 9 ᠬᠦᠷᠢᠶ᠎ᠡ ᠴᠠᠷᠠᠭ᠎ᠠ ᠳᠠᠬᠢ 36 ᠲᠥᠷᠥᠯ ᠤᠨ 48 ᠵᠦᠢᠯ ᠪᠤᠢ᠃    
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1