ᠴᠠᠭᠠᠨ ᠰᠠᠷ᠎ᠠ ᠶᠢᠨ ᠬᠤᠭᠤᠴᠠᠭᠠᠨ ᠳᠤ 7 ᠰᠠᠭᠤᠳᠠᠯ ᠲᠠᠢ ᠵᠢᠴᠢ ᠲᠡᠭᠦᠨ ᠠᠴᠠ ᠳᠣᠷᠣᠭᠰᠢᠬᠢ ᠪᠠᠭ᠎ᠠ ᠬᠡᠯᠪᠡᠷᠢ ᠶᠢᠨ ᠠᠶᠠᠨᠴᠢᠳ ᠤᠨ ᠲᠡᠷᠭᠡ ᠳᠡᠭᠡᠳᠦ ᠬᠤᠷᠳᠤ ᠶᠢᠨ ᠵᠠᠰᠠᠮᠠᠯ ᠵᠠᠮ ᠢᠶᠠᠷ ᠠᠶᠠᠯᠠᠬᠤ ᠰᠦᠢᠳᠭᠡᠯ ᠬᠤᠷᠢᠶᠠᠬᠤ ᠥᠬᠡᠶ
ᠨᠡᠶᠢᠲᠡᠯᠡᠭᠰᠡᠨ ᠴᠠᠭ᠄
2021/2/2
       ᠳ᠋ᠤᠭᠠᠷ ᠰᠠᠷ᠎ᠠ ᠶᠢᠨ 1 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ ᠠᠴᠠ ᠣᠶᠢᠯᠠᠭᠠᠭᠰᠠᠨ ᠢᠶᠠᠷ᠂ ᠴᠠᠭᠠᠨ ᠰᠠᠷ᠎ᠠ ᠶᠢᠨ ᠣᠷᠳᠣ ᠠᠮᠠᠷᠠᠯᠲᠠ ᠶᠢᠨ ᠬᠤᠭᠤᠴᠠᠭᠠᠨ ᠳᠤ᠂ ᠮᠠᠨ ᠤ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠨᠢ ᠲᠤᠯᠤᠭᠠᠨ ᠰᠠᠭᠤᠳᠠᠯ ᠲᠠᠢ ᠵᠢᠴᠢ ᠲᠡᠭᠦᠨ ᠠᠴᠠ ᠳᠣᠷᠣᠭᠰᠢᠬᠢ ᠪᠠᠭ᠎ᠠ ᠬᠡᠯᠪᠡᠷᠢ ᠶᠢᠨ ᠠᠶᠠᠨᠴᠢᠳ ᠤᠨ ᠲᠡᠷᠭᠡ ᠠᠴᠠ ᠰᠦᠢᠳᠭᠡᠯ ᠬᠤᠷᠢᠶᠠᠬᠤ ᠥᠬᠡᠶ ᠪᠠᠷ ᠨᠡᠪᠲᠡᠷᠡᠭᠦᠯᠬᠦ ᠶᠢ ᠦᠷᠭᠦᠯᠵᠢᠯᠡᠨ ᠬᠡᠷᠡᠭᠵᠢᠭᠦᠯᠦᠨ᠎ᠡ ᠂ ᠬᠤᠭᠤᠴᠠᠭ᠎ᠠ ᠨᠢ 2 ᠳ᠋ᠤᠭᠠᠷ ᠰᠠᠷ᠎ᠠ ᠶᠢᠨ 11 ᠤ ᠡᠳᠦᠷ ᠤᠨ ᠲᠡᠭ ᠴᠠᠭ ︵ᠪᠢᠲᠡᠭᠦᠨ︶ ᠠᠴᠠ 2 ᠳ᠋ᠤᠭᠠᠷ ᠰᠠᠷ᠎ᠠ ᠶᠢᠨ 17 ᠤ ᠡᠳᠦᠷ ᠤᠨ 24 ᠴᠠᠭ ︵ᠰᠢᠨ᠎ᠡ ᠶᠢᠨ ᠵᠢᠷᠭᠤᠭᠠᠨ︶ ᠪᠣᠯᠤᠨ᠎ᠠ᠃      ᠣᠶᠢᠯᠠᠭᠠᠭᠰᠠᠨ ᠢᠶᠠᠷ᠂ ᠴᠠᠭᠠᠨ ᠰᠠᠷ᠎ᠠ ᠶᠢᠨ ᠣᠷᠳᠣ ᠠᠮᠠᠷᠠᠯᠲᠠ ᠶᠢᠨ ᠬᠤᠭᠤᠴᠠᠭᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ ᠨᠢ ᠪᠠᠶᠠᠷ ᠳᠤᠷᠠᠰᠬᠠᠯ ᠤᠨ ᠡᠳᠦᠷ ᠤᠳ ᠲᠤ ᠳᠡᠭᠡᠳᠦ ᠬᠤᠷᠳᠤ ᠶᠢᠨ ᠵᠠᠰᠠᠮᠠᠯ ᠵᠠᠮ ᠰᠦᠶ᠋ᠳᠬᠡᠯ ᠬᠤᠷᠢᠶᠠᠬᠤ ᠥᠬᠡᠶ ᠪᠠᠷ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠯᠤᠭᠠᠨ ᠰᠠᠭᠤᠳᠠᠯ ᠲᠠᠢ ᠵᠢᠴᠢ ᠲᠡᠭᠦᠨ ᠠᠴᠠ ᠳᠣᠷᠣᠭᠰᠢᠬᠢ ᠪᠠᠭ᠎ᠠ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡ ᠠᠴᠠ ᠵᠠᠮ ᠤᠨ ᠰᠦᠶ᠋ᠳᠬᠡᠯ ᠥᠯᠥ ᠬᠤᠷᠢᠶᠠᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠠᠷᠠᠳ ᠣᠯᠠᠨ ᠤ ᠶᠠᠪᠤᠵᠤ ᠰᠠᠭᠤᠬᠤ ᠳᠤ ᠳᠥᠭᠦᠮ ᠳᠥᠲᠡ ᠥᠨᠳᠥᠷ ᠪᠦᠲᠦᠮᠵᠢᠲᠡᠶ ᠪᠠᠶᠢᠬᠤ ᠶᠢ ᠪᠠᠲᠤᠯᠠᠬᠤ ᠪᠣᠯᠤᠨ᠎ᠠ᠃ ᠭᠤᠣᠯ ᠠᠷᠭ᠎ᠠ ᠬᠡᠮᠵᠢᠶ᠎ᠡ᠄ ᠤᠳᠤᠷᠢᠳᠤᠯᠭ᠎ᠠ ᠨᠠᠷ ᠡᠭᠡᠯᠵᠢ ᠳᠠᠭᠠᠭᠤᠯᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ 24 ᠴᠠᠭ ᠢᠶᠠᠷ ᠵᠢᠵᠢᠭᠦᠷᠯᠡᠬᠦ ᠳᠦᠷᠢᠮ ᠢ ᠴᠢᠩᠭ᠎ᠠ ᠲᠤᠭᠤᠰᠢᠯᠠᠭᠤᠯᠤᠨ᠎ᠠ︔ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠢᠳᠡᠪᠬᠢᠲᠡᠶ ᠬᠦᠴᠦᠨ ᠨᠡᠮᠡᠷᠢᠯᠡᠵᠦ᠂ ︽ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠣᠨᠣᠪᠴᠢᠲᠠᠶ ᠪᠣᠯᠭᠠᠬᠤ᠂ ᠠᠷᠭᠠᠴᠠᠭᠠᠨ ᠰᠢᠢᠳᠪᠦᠷᠢᠯᠡᠬᠦ ᠶᠢ ᠵᠢᠷᠤᠮᠵᠢᠭᠤᠯᠬᠤ᠂ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠪᠠᠶᠢᠩᠭᠤᠵᠢᠭᠤᠯᠬᠤ᠂ ᠬᠤᠪᠢ ᠬᠥᠮᠦᠨ ᠤ ᠬᠠᠮᠠᠭᠠᠯᠠᠯᠲᠠ ᠶᠢ ᠳᠠᠳᠬᠠᠯᠵᠢᠭᠤᠯᠬᠤ︾ ᠶᠡᠷᠦᠩᠬᠡᠶ ᠱᠠᠭᠠᠷᠳᠠᠯᠭ᠎ᠠ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶ᠋ᠯ ᠤᠨ ᠠᠵᠢᠯ ᠢ ᠪᠥᠬᠦ ᠲᠠᠯ᠎ᠠ ᠪᠠᠷ ᠪᠠᠶᠢᠷᠢᠯᠠᠭᠤᠯᠤᠨ᠎ᠠ︔ ᠰᠢᠰᠲ᠋ᠧᠮ ᠤᠨ ᠠᠵᠢᠯᠯᠠᠭᠠᠨ ᠢ ᠬᠢᠨᠠᠨ ᠬᠡᠮᠵᠢᠬᠦ ᠶᠢ ᠴᠢᠩᠭᠠᠳᠬᠠᠵᠤ᠂ ᠳᠡᠭᠡᠳᠦ ᠬᠤᠷᠳᠤ ᠶᠢᠨ ᠵᠠᠰᠠᠮᠠᠯ ᠵᠠᠮ ᠤᠨ ᠰᠦᠢᠳᠭᠡᠯ ᠬᠤᠷᠢᠶᠠᠬᠤ ᠥᠷᠲᠡᠭᠡ ᠶᠢᠨ ᠰᠦᠢᠳᠭᠡᠯ ᠬᠤᠷᠢᠶᠠᠬᠤ ᠵᠠᠮ᠂ ETC ᠡᠭᠦᠳᠡ᠂ ᠴᠢᠮᠡᠭᠡ ᠬᠤᠯᠪᠣᠭ᠎ᠠ ᠶᠢᠨ ᠳᠠᠮᠵᠢᠭᠤᠯᠭ᠎ᠠ ᠵᠡᠷᠭᠡ ᠵᠠᠩᠭᠢᠯᠠᠭ᠎ᠠ ᠶᠢᠨ ᠰᠢᠰᠲ᠋ᠧᠮ ᠤᠨ ᠠᠵᠢᠯᠯᠠᠭᠠᠨ ᠢ ᠬᠢᠨᠠᠨ ᠬᠡᠮᠵᠢᠬᠦ ᠪᠠᠨ ᠴᠢᠩᠭᠠᠳᠬᠠᠵᠤ᠂ ᠰᠢᠰᠲ᠋ᠧᠮ ᠤᠨ ᠠᠰᠠᠭᠤᠳᠠᠯ ᠢ ᠴᠠᠭ ᠲᠤᠬᠠᠶ ᠳᠤ ᠨᠢ ᠢᠯᠡᠷᠡᠭᠦᠯᠬᠦ ᠪᠠ ᠵᠢᠭᠰᠠᠭᠠᠨ ᠪᠠᠶᠢᠴᠠᠭᠠᠵᠤ᠂ ᠪᠥᠬᠦ ᠣᠷᠣᠨ ᠤ ᠲᠣᠤᠷᠵᠢᠭᠤᠯᠬᠤ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠨ᠎ᠠ︔ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ᠂ ᠰᠦᠢᠳᠭᠡᠯ ᠬᠤᠷᠢᠶᠠᠬᠤ ᠥᠷᠲᠡᠭᠡ ᠵᠢᠴᠢ ᠠᠷᠠᠴᠢᠯᠠᠨ ᠬᠠᠮᠠᠭᠠᠯᠠᠬᠤ ᠵᠡᠷᠭᠡ ᠰᠠᠯᠠᠭ᠎ᠠ ᠮᠥᠴᠢᠷ ᠯᠦᠭᠡ ᠶᠢᠨ ᠵᠣᠬᠢᠴᠠᠯᠳᠤᠨ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠵᠤ᠂ ᠴᠠᠭ ᠠᠭᠠᠷ ᠮᠠᠭᠤ ᠡᠳᠦᠷ ᠰᠠᠭᠠᠳ ᠥᠬᠡᠶ ᠨᠡᠪᠲᠡᠷᠡᠭᠦᠯᠬᠦ᠂ ᠵᠠᠮ ᠬᠠᠷᠢᠯᠴᠠᠭᠠᠨ ᠤ ᠠᠳᠠᠯ ᠢ ᠠᠪᠤᠷᠠᠨ ᠲᠤᠰᠠᠯᠠᠬᠤ᠂ ᠵᠠᠮ ᠤᠨ ᠲᠦᠭᠵᠢᠷᠡᠯ ᠢ ᠵᠠᠰᠠᠵᠤ ᠵᠢᠯᠣᠭᠤᠳᠬᠤ ᠵᠡᠷᠭᠡ ᠠᠵᠢᠯ ᠤᠳ ᠢ ᠰᠠᠶᠢᠲᠤᠷ ᠬᠢᠵᠦ᠂ ᠠᠷᠠᠳ ᠣᠯᠠᠨ ᠤ ᠶᠠᠪᠤᠵᠤ ᠰᠠᠭᠤᠬᠤ ᠶᠢᠨ ᠠᠮᠤᠷ ᠲᠦᠪᠰᠢᠨ ᠢ ᠪᠠᠲᠤᠯᠠᠨ᠎ᠠ᠃      ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠠᠮᠠᠷᠠᠯᠲᠠ ᠶᠢᠨ ᠬᠤᠭᠤᠴᠠᠭᠠᠨ ᠳᠤ ᠶᠠᠪᠤᠵᠤ ᠰᠠᠭᠤᠬᠤ ᠣᠯᠠᠨ ᠲᠦᠮᠡᠨ ᠨᠢ ︽ᠥᠪᠥᠷ ᠮᠣᠩᠭᠤᠯ ᠤᠨ ᠳᠡᠭᠡᠳᠦ ᠬᠤᠷᠳᠤ ᠶᠢᠨ ᠵᠠᠮ︾ ᠤᠨ ᠸᠢᠴᠠᠲ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ᠂︽12122︾ ᠤᠨ ᠠᠶᠠᠨᠴᠢᠳ ᠤᠨ ᠦᠢᠯᠡᠴᠢᠯᠡᠭᠡᠨ ᠤ ᠬᠠᠯᠠᠮᠰᠢᠯ ᠤᠲᠠᠰᠤ ᠵᠡᠷᠭᠡ ᠠᠷᠭ᠎ᠠ ᠵᠠᠮ ᠢᠶᠠᠷ ᠵᠠᠮ ᠤᠨ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠶ ᠳᠤ ᠨᠢ ᠪᠠᠶᠢᠴᠠᠭᠠᠨ ᠦᠵᠡᠵᠦ᠂ ᠬᠠᠮᠤᠭ ᠤᠨ ᠳᠦᠲᠡ ᠰᠠᠭᠠᠳ ᠦᠭᠡᠢ ᠵᠠᠮ ᠱᠤᠭᠤᠮ ᠢ ᠰᠣᠩᠭᠤᠨ ᠶᠠᠪᠤᠵᠤ ᠪᠣᠯᠤᠨ᠎ᠠ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1