ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠬᠠᠲᠤᠨ ᠭᠤᠤᠯ ᠤᠨ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠭᠤᠤᠯ ᠢ ᠴᠠᠭᠳᠠᠬᠤ ᠠᠵᠢᠯ ᠢ ᠥᠷᠨᠢᠭᠦᠯᠪᠡ᠃
ᠨᠡᠶᠢᠲᠡᠯᠡᠭᠰᠡᠨ ᠴᠠᠭ᠄
2021/2/22
        2 ᠳ᠋ᠤᠭᠠᠷ ᠰᠠᠷ᠎ᠠ ᠶᠢᠨ 16 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠬᠠᠲᠤᠨ ᠭᠤᠤᠯ ᠤᠨ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠭᠤᠤᠯ ᠢ ᠴᠠᠭᠳᠠᠬᠤ ᠠᠵᠢᠯ ᠥᠷᠨᠢᠭᠦᠯᠪᠡ᠃      ᠯᠢ ᠴᠦᠨ ᠶᠠᠨ ᠨᠠᠷ ᠬᠠᠳᠤᠨ ᠭᠤᠣᠯ ᠤᠨ ᠬᠤᠤ ᠵᠢᠶᠠ ᠶᠣᠣ ᠶᠢᠨ ᠬᠡᠰᠡᠭ᠂ ᠱᠢ ᠰᠧ ᠹᠧᠨ ᠽᠢ ᠶᠢᠨ ᠬᠡᠰᠡᠭ ᠲᠤ ᠬᠦᠷᠴᠦ᠂ ᠬᠠᠳᠤᠨ ᠭᠤᠣᠯ ᠤᠨ ᠰᠦᠩ ᠬᠠᠯᠢᠶ᠎ᠠ ᠶᠢᠨ ᠪᠠᠶᠢᠳᠠᠯ ᠢ ᠨᠠᠷᠢᠨ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠶᠢᠨ ᠬᠠᠳᠤᠨ ᠭᠤᠣᠯ ᠤᠨ ᠰᠦᠩ ᠬᠠᠯᠢᠶ᠎ᠠ ᠦᠶᠡᠷ ᠪᠣᠯᠤᠨ ᠭᠤᠣᠯ  ᠤᠨ ᠵᠠᠮ ᠢ ᠴᠠᠭᠳᠠᠨ ᠪᠠᠶᠢᠴᠠᠭᠠᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠡᠷᠡ᠂ ᠬᠠᠲᠤᠨ ᠭᠤᠤᠯ ᠤᠨ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠨᠢ ᠠᠷᠠᠳ ᠣᠯᠠᠨ ᠤ ᠠᠮᠢ ᠨᠠᠰᠤ ᠡᠳ᠋ ᠬᠥᠷᠥᠩᠭᠡ  ᠶᠢᠨ ᠠᠮᠤᠷ ᠲᠦᠪᠰᠢᠨ ᠪᠣᠯᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠵᠤ ᠪᠠᠶᠢᠳᠠᠭ᠃ ᠪᠦᠬᠦ ᠰᠢᠶᠠᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠤᠯᠤᠰ ᠲᠥᠷᠥ ᠶᠢᠨ ᠵᠣᠭᠰᠣᠴᠠ ᠪᠣᠯᠤᠨ ᠦᠵᠡᠯ ᠰᠠᠨᠠᠭᠠᠨ ᠤ ᠲᠠᠨᠢᠯᠲᠠ ᠪᠠᠨ ᠳᠡᠭᠡᠭᠰᠢᠯᠡᠭᠦᠯᠵᠦ᠂ ᠰᠦᠩ ᠬᠠᠯᠢᠶ᠎ᠠ ᠶᠢ ᠰᠡᠷᠭᠡᠶᠢᠯᠡᠬᠦ ᠡᠯ᠎ᠡ ᠵᠦᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ ᠰᠦᠩ ᠬᠠᠯᠢᠶ᠎ᠠ ᠶᠢᠨ ᠪᠠᠶᠢᠳᠠᠯ ᠢ ᠬᠢᠨᠠᠨ ᠬᠡᠮᠵᠢᠬᠦ ᠠᠵᠢᠯ ᠢ ᠢᠳᠡᠪᠬᠢᠲᠡᠶ ᠰᠠᠶᠢᠲᠤᠷ ᠬᠢᠵᠦ᠂ ᠰᠦᠩ ᠬᠠᠯᠢᠶ᠎ᠠ ᠶᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠶ᠃ ᠠᠵᠢᠯ ᠤᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ᠂ ᠡᠳ᠋ ᠪᠣᠳᠠᠰ ᠢ ᠨᠥᠭᠡᠴᠡᠯᠡᠬᠦ ᠵᠡᠷᠭᠡ ᠠᠵᠢᠯ ᠢ ᠰᠠᠶᠢᠲᠤᠷ ᠬᠢᠵᠦ᠂ ᠭᠤᠣᠯ ᠤᠨ ᠤᠷᠤᠰᠬᠠᠯ ᠰᠦᠩ ᠬᠠᠯᠢᠶ᠎ᠠ ᠦᠶᠡᠷ ᠪᠣᠯᠤᠨ ᠠᠮᠤᠷ ᠲᠦᠪᠰᠢᠨ ᠤ ᠲᠣᠭᠤᠷᠢᠨ ᠪᠠᠶᠢᠴᠠᠭᠠᠬᠤ ᠠᠵᠢᠯ ᠤᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠬᠤ ᠬᠡᠷᠡᠭᠲᠡᠢ᠃ ᠠᠮᠢ ᠨᠠᠰᠤ ᠶᠢ ᠳᠡᠭᠡᠳᠦᠯᠡᠬᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠭᠤᠷᠢᠳᠠᠬᠤ ᠪᠤᠳᠤᠯ ᠢ ᠡᠷᠡᠰ ᠲᠡᠪᠴᠢᠵᠦ᠂ ᠠᠵᠢᠭᠯᠠᠬᠤ ᠤᠳᠠᠭ᠎ᠠ ᠪᠠᠨ ᠨᠢᠭᠲᠠᠷᠠᠭᠤᠯᠵᠤ᠂ ᠲᠡᠮᠳᠡᠭᠯᠡᠯ ᠢᠶᠠᠨ ᠨᠠᠷᠢᠨ ᠬᠢᠨᠠᠮᠠᠭᠠᠢ ᠰᠠᠶᠢᠲᠤᠷ ᠬᠢᠵᠦ᠂ ᠤᠰᠤᠨ ᠤ ᠪᠠᠶᠢᠳᠠᠯ᠂ ᠰᠦᠩ ᠬᠠᠯᠢᠶ᠎ᠠ ᠶᠢᠨ ᠪᠠᠶᠢᠳᠠᠯ ᠵᠡᠷᠭᠡ ᠰᠦᠩ ᠬᠠᠯᠢᠶ᠎ᠠ ᠦᠶᠡᠷ  ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠳᠡᠭᠡᠭᠰᠢ ᠮᠡᠳᠡᠭᠦᠯᠬᠦ ᠬᠡᠷᠡᠭᠲᠡᠢ᠃ ᠠᠮᠢ ᠠᠬᠤᠢ ᠪᠠ ᠬᠥᠭᠵᠢᠯᠲᠡ ᠶᠢᠨ ᠬᠤᠶᠠᠷ ᠬᠤᠷᠢᠭ᠎ᠠ ᠱᠤᠭᠤᠮ ᠢ ᠡᠷᠡᠰ ᠰᠠᠶᠢᠲᠤᠷ ᠰᠠᠬᠢᠵᠤ᠂ ᠭᠤᠣᠯ ᠮᠥᠷᠡᠨ ᠢ ᠴᠠᠭᠳᠠᠬᠤ ᠶᠢᠨ ᠲᠥᠯᠥᠭᠡ ᠭᠤᠣᠯ ᠮᠥᠷᠡᠨ ᠢ ᠴᠠᠭᠳᠠᠬᠤ ᠦᠵᠡᠯᠲᠡ ᠶᠢ ᠡᠷᠡᠰ ᠲᠡᠪᠴᠢᠵᠦ᠂ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠨᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃      ᠭᠤᠤᠯ ᠢ ᠴᠠᠭᠳᠠᠬᠤ ᠶᠠᠪᠤᠴᠠ ᠳᠤ ᠬᠡᠳᠦᠨ ᠲᠦᠮᠡᠨ ᠬᠤᠨ ᠭᠠᠯᠠᠭᠤ ᠬᠠᠲᠤᠨ ᠭᠤᠤᠯ ᠤᠨ ᠳᠤᠮᠳᠠ ᠠᠮᠠᠷᠠᠵᠤ ᠨᠠᠭᠠᠳᠤᠨ᠎ᠠ᠃      ᠯᠢ ᠴᠦᠨ ᠶᠠᠨ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠠᠴᠠ ᠨᠠᠰᠢ ᠮᠠᠨ ᠤ ᠰᠢᠶᠠᠨ ᠤ ᠠᠮᠢ ᠠᠬᠤᠶ ᠣᠷᠴᠢᠨ ᠠᠬᠤᠶ ᠶᠢᠨ ᠲᠠᠰᠤᠷᠠᠯᠲᠠ ᠥᠬᠡᠶ ᠰᠠᠶᠢᠵᠢᠷᠠᠬᠤ ᠶᠢ ᠳᠠᠭᠠᠯᠳᠤᠨ᠂ ᠦᠯᠡᠮᠵᠢ ᠣᠯᠠᠨ ᠨᠡᠭᠦᠳᠡᠯ ᠤᠨ ᠰᠢᠪᠠᠭᠤᠳ ᠤᠨ ᠬᠤᠷᠭᠤᠳᠠᠬᠤ ᠪᠠ ᠡᠪᠦᠯᠵᠢᠬᠦ ᠶᠢ ᠳᠠᠭᠠᠯᠳᠤᠨ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ  ᠲᠠᠢ ᠪᠠᠷ ᠬᠠᠮᠲᠤ ᠣᠷᠣᠰᠢᠬᠤ ᠦᠵᠡᠮᠵᠢ ᠨᠢ ᠮᠠᠨ ᠤ ᠰᠢᠶᠠᠨ ᠤ ᠨᠢᠭᠡᠨ ᠦᠵᠡᠰᠬᠦᠯᠡᠩᠲᠦ ᠰᠠᠶᠢᠬᠠᠨ ᠦᠵᠡᠮᠵᠢ ᠪᠣᠯᠵᠤ ᠂ ᠮᠥᠨ ᠴᠦ ᠮᠠᠨ ᠤ ᠰᠢᠶᠠᠨ ᠤ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠭᠡᠷᠡᠴᠢ ᠪᠣᠯᠪᠠ᠃ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠤᠯᠤᠰ ᠤᠨ ᠪᠠᠶᠢᠯᠳᠤᠬᠤ ᠪᠤᠳᠤᠯᠭ᠎ᠠ ᠶᠢ ᠯᠠᠪᠳᠠᠭᠤᠨ ᠪᠠᠲᠤᠲᠠᠢ ᠬᠡᠷᠡᠭᠵᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠪᠠ ᠰᠡᠷᠭᠦᠭᠡᠯᠲᠡ ᠶᠢ ᠢᠳᠡᠪᠬᠢᠲᠡᠢ ᠥᠷᠨᠢᠭᠦᠯᠵᠦ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠤᠨ ᠰᠢᠰᠲᠧᠮ ᠤᠨ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠭᠤᠯᠠ ᠨᠢ ᠲᠤᠩᠭᠠᠯᠠᠭ ᠤᠰᠤ ᠨᠢ ᠲᠤᠩᠭᠠᠯᠠᠭ᠂ ᠲᠩᠷᠢ ᠨᠢ ᠴᠡᠯᠮᠡᠭ ᠭᠠᠵᠠᠷ ᠨᠢ ᠲᠤᠩᠭᠠᠯᠠᠭ ᠦᠵᠡᠰᠬᠦᠯᠡᠩᠲᠦ ᠰᠠᠶᠢᠬᠠᠨ ᠲᠣᠭᠲᠠᠬᠤ ᠰᠢᠶᠠᠨ ᠢ ᠴᠢᠷᠮᠠᠶᠢᠨ ᠪᠦᠳᠦᠭᠡᠨ ᠪᠠᠶᠢᠭᠤᠯᠵᠤ ᠂ ︽ᠮᠢᠩᠭᠠᠨ ᠣᠨ ᠤ ᠭᠦ᠋ ᠶᠦᠨ ᠵᠦᠩ᠂ ᠷᠢᠳᠢ ᠰᠢᠳᠢ ᠲᠠᠢ ᠲᠣᠭᠲᠠᠬᠤ︾ ᠦᠵᠡᠰᠬᠦᠯᠡᠩᠲᠦ ᠰᠠᠶᠢᠬᠠᠨ ᠦᠵᠡᠮᠵᠢ  ᠶᠢ ᠲᠠᠬᠢᠨ ᠢᠯᠡᠷᠡᠭᠦᠯᠵᠦ᠂ ᠬᠠᠳᠤᠨ ᠭᠤᠣᠯ ᠢ ᠦᠨᠡᠨ ᠬᠦ ᠠᠷᠠᠳ ᠤᠯᠠᠨ ᠳᠤ ᠪᠤᠶᠠᠨ ᠦᠢᠯᠡᠳᠬᠦ ᠵᠣᠯ ᠵᠢᠷᠭᠠᠯᠲᠤ ᠭᠤᠣᠯ ᠪᠣᠯᠭᠠᠵᠤ᠂ ᠪᠦᠬᠦ ᠰᠢᠶᠠᠨ ᠤ ᠠᠷᠠᠳ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ ᠭᠡᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1