ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠾᠧ ᠺᠸᠤ ᠬᠠᠮᠢᠶᠠᠷᠤᠯᠲᠠ ᠶᠢᠨ ᠵᠥᠪᠯᠡᠯ ᠳᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/2/22
        2 ᠳ᠋ᠤᠭᠠᠷ ᠰᠠᠷ᠎ᠠ ᠶᠢᠨ 17 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠾᠧ ᠺᠧᠤ ᠬᠠᠮᠢᠶᠠᠷᠤᠯᠲᠠ ᠶᠢᠨ ᠵᠥᠪᠯᠡᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃ ᠰᠢᠶᠠᠨ ᠤ ᠨᠠᠮ  ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠸᠧᠢ ᠰᠢᠶᠤᠤ ᠳ᠋ᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠯᠢ ᠴᠦᠨ ᠶᠠᠨ᠂ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠬᠤᠭᠤᠴᠠᠭᠠᠨ ᠳᠤ᠂ ᠾᠧ ᠺᠸᠤ ᠬᠠᠮᠢᠶᠠᠷᠤᠯᠲᠠ ᠶᠢᠨ ᠵᠥᠪᠯᠡᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠮᠤᠷ ᠲᠦᠪᠰᠢᠨ ᠲᠣᠭᠲᠠᠭᠤᠨ ᠢ ᠪᠠᠲᠤᠯᠠᠭᠰᠠᠨ ᠤᠷᠢᠲᠠᠯ ᠳᠣᠣᠷ᠎ᠠ᠂ ᠤᠯᠠᠨ ᠲᠦᠮᠡᠨ ᠢ ᠵᠣᠬᠢᠶᠠᠨ ᠪᠠᠶᠢᠭᠤᠯᠵᠤ ᠠᠷᠠᠳ ᠤᠨ ᠳᠤᠮᠳᠠᠬᠢ ᠲᠦᠢᠮᠡᠷ ᠤᠨ ᠠᠵᠢᠯᠯᠠᠭ᠎ᠠ ᠶᠢ ᠡᠮᠬᠢ ᠵᠢᠷᠤᠮ ᠲᠠᠢ ᠰᠠᠶᠢᠲᠤᠷ ᠥᠷᠨᠢᠭᠦᠯᠵᠦ᠂ ᠤᠯᠠᠨ ᠲᠦᠮᠡᠨ ᠤ ᠰᠣᠶᠣᠯ ᠤᠨ ᠠᠮᠢᠳᠤᠷᠠᠯ ᠢ ᠴᠢᠷᠮᠠᠶᠢᠨ ᠪᠠᠶᠠᠯᠢᠭᠵᠢᠭᠤᠯᠵᠤ᠂ ᠬᠦᠷ ᠬᠥᠭᠵᠢᠶᠡᠨᠲᠡᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ‌‍ᠭᠡᠵᠦ ᠵᠢᠭᠠᠨ ᠭᠠᠷᠭᠠᠪᠠ᠃      ᠯᠢ ᠴᠦᠨ ᠶᠠᠨ ᠱᠠᠭᠠᠷᠳᠠᠭᠰᠠᠨ ᠨᠢ᠂ ᠾᠧ ᠺᠸᠤ ᠬᠠᠮᠢᠶᠠᠷᠤᠯᠲᠠ ᠶᠢᠨ ᠵᠥᠪᠯᠡᠯ ︽ᠠᠮᠢ ᠠᠬᠤᠶ ᠶᠢ ᠤᠷᠢᠳ  ᠢᠶᠠᠷ ᠪᠣᠳᠣᠯᠬᠢᠯᠠᠬᠤ︾ ᠪᠠᠷ ᠭᠤᠶᠢᠪᠢᠰᠢ ᠥᠬᠡᠶ ᠵᠠᠮᠨᠠᠬᠤ ᠬᠡᠷᠡᠭᠲᠡᠶ᠂ ︽ᠪᠣᠬᠢᠷᠲᠤᠯ ᠦᠭᠡᠢ ᠬᠥᠭᠵᠢᠯᠲᠡ︾ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ᠂ ᠬᠠᠲᠤᠨ ᠭᠤᠤᠯ ᠤᠨ ᠰᠠᠪᠠ ᠭᠠᠵᠠᠷ  ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠤᠯᠤᠰ ᠤᠨ ᠪᠠᠶᠢᠯᠳᠤᠬᠤ ᠪᠣᠳᠣᠯᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠳᠠᠭᠠᠤ ᠶᠢᠨ ᠠᠮᠢ ᠠᠬᠤᠶ ᠶᠢᠨ ᠬᠤᠩᠭᠢᠯ ᠪᠠ ᠬᠠᠲᠤᠨ ᠭᠤᠤᠯ ᠳᠠᠭᠠᠤ ᠶᠢᠨ ᠠᠮᠢ ᠠᠬᠤᠶ ᠶᠢᠨ ᠠᠵᠤ ᠠᠬᠤᠶ ᠶᠢᠨ ᠪᠦᠰᠡ ᠶᠢ ᠴᠣᠭᠴᠠᠯᠠᠬᠤ ᠲᠡᠦᠬᠡᠨ ᠠᠵᠠ ᠲᠣᠬᠢᠶᠠᠯ ᠢ ᠠᠮᠵᠢᠨ ᠠᠳᠬᠤᠬᠤ ᠬᠡᠷᠡᠭᠲᠡᠶ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ︾ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠦᠶᠯᠡᠳᠦᠯᠭᠡᠵᠢᠭᠦᠯᠦᠶ᠎ᠡ᠂ ᠬᠠᠲᠤᠨ ᠭᠤᠤᠯ ᠳᠠᠭᠠᠤ ᠶᠢᠨ ᠠᠮᠢ ᠠᠬᠤᠶ ᠶᠢᠨ ᠬᠤᠩᠭᠢᠯ ᠵᠠᠮ ᠢ ᠲᠥᠯᠥᠪᠵᠢᠭᠦᠯᠵᠦ ᠪᠥᠲᠥᠭᠡᠨ ᠪᠠᠶᠢᠭᠤᠯᠬᠤ ᠡᠷᠴᠢᠮ ᠢ ᠴᠢᠩᠭᠠᠷᠠᠭᠤᠯᠤᠨ᠎ᠠ᠂ ᠬᠠᠲᠤᠨ ᠭᠤᠤᠯ ᠳᠠᠭᠠᠤ ᠶᠢᠨ ᠵᠢᠭᠤᠯᠴᠢᠯᠠᠯ ᠤᠨ ᠪᠦᠰᠡ ᠶᠢᠨ ᠠᠮᠢ ᠠᠬᠤᠶ ᠶᠢᠨ ᠬᠠᠮᠠᠭᠠᠯᠠᠯᠲᠠ ᠪᠠ ᠵᠢᠭᠤᠯᠴᠢᠯᠠᠯ ᠤᠨ ᠦᠶᠯᠡᠰ  ᠤᠨ ᠭᠦᠨᠵᠡᠭᠡᠶ ᠠᠭᠤᠰᠤᠯᠴᠠᠯ ᠢ ᠴᠢᠩᠭᠠᠳᠬᠠᠨ᠎ᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠣᠷᠭᠠᠨᠢᠭ ᠢᠶᠠᠷ ᠤᠶᠠᠯᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠂ ᠬᠥᠭᠵᠢᠯᠲᠡ ᠶᠢᠨ ᠰᠢᠨ᠎ᠡ ᠬᠡᠪ ᠵᠠᠭᠪᠤᠷ ᠢ ᠢᠳᠡᠪᠬᠢᠲᠡᠢ ᠬᠠᠶᠢᠨ ᠰᠦᠪᠡᠭᠴᠢᠯᠡᠨ᠎ᠡ ᠭᠡᠪᠡ᠃      ᠯᠢ ᠴᠦᠨ ᠶᠠᠨ ᠴᠢᠬᠤᠯᠠᠴᠢᠯᠠᠭᠰᠠᠨ ᠨᠢ᠂ ᠱᠧᠨ ᠴᠢᠤᠸᠠᠨ ᠦᠵᠡᠮᠵᠢ ᠶᠢᠨ ᠣᠷᠣᠨ ᠢ ᠨᠡᠭᠡᠭᠡᠨ ᠬᠥᠭᠵᠢᠭᠦᠯᠵᠦ ᠵᠤᠭᠠᠴᠠᠨ ᠨᠠᠭᠠᠳᠬᠤ ᠰᠢᠨ᠎ᠡ ᠲᠥᠷᠥᠯ ᠵᠦᠶᠯ ᠢ ᠬᠦᠴᠦᠯᠡᠨ ᠠᠬᠢᠭᠤᠯᠵᠤ᠂ ︽ᠺᠠᠩ ᠶᠠᠩ ᠵᠢᠵᠢᠭ ᠪᠠᠯᠭᠠᠰᠤ︾ ᠶᠢᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠢᠳᠡᠪᠬᠢᠲᠡᠶ ᠳᠥᠯᠭᠢᠨ ᠠᠬᠢᠭᠤᠯᠵᠤ᠂ ᠣᠲᠣ ᠶᠢᠨ ᠪᠠᠶᠢᠭ᠎ᠠ ᠲᠠᠷᠢᠶᠠᠴᠢᠨ ᠠᠶᠢᠯ ᠤᠨ ᠵᠤᠭᠠᠴᠠᠯ ᠤᠨ ᠦᠶᠯᠡᠴᠢᠯᠡᠭᠡᠨ ᠤ ᠬᠢᠷᠢ ᠲᠦᠪᠰᠢᠨ ᠪᠠ ᠬᠡᠪᠴᠢᠶ᠎ᠡ ᠶᠢ ᠳᠡᠭᠡᠭᠰᠢᠯᠡᠭᠦᠯᠦᠨ ᠥᠭᠡᠷᠡᠴᠢᠯᠡᠵᠦ᠂ ︽ᠭᠠᠷᠠᠭ ᠤᠨ ᠰᠡᠭᠦᠯᠴᠢ ᠶᠢᠨ ᠠᠵᠤ ᠠᠬᠤᠶ︾ ᠶᠢ ᠶᠡᠭᠡ ᠪᠠᠷ ᠬᠥᠭᠵᠢᠭᠦᠯᠵᠦ᠂ ᠡᠷᠬᠢᠨ ᠲᠣᠭᠤᠷᠢᠨ ᠤ ᠵᠤᠭᠠᠴᠠᠭᠰᠠᠳ ᠢ ᠳᠠᠶᠢᠴᠢᠯᠠᠨ ᠲᠤᠭᠳᠠᠬᠤ ᠰᠢᠶᠠᠨ ᠳᠤ ︽ᠬᠠᠲᠤᠨ ᠭᠤᠤᠯ ᠤᠨ ᠭᠤᠶᠣ ᠦᠵᠡᠮᠵᠢ ᠶᠢ ᠰᠣᠨᠢᠷᠬᠠᠵᠤ᠂ ᠡᠷᠲᠡᠨ ᠤ ᠬᠤᠲᠠ ᠶᠢᠨ ᠦᠨᠦᠷ ᠠᠮᠲᠠ ᠶᠢ ᠠᠮᠲᠠᠯᠠᠵᠤ᠂ ᠲᠤᠭᠳᠠᠬᠤ ᠰᠢᠶᠠᠨ ᠳᠤ ᠠᠮᠲᠠᠲᠤ ᠢᠳᠡᠭᠡᠨ  ᠢ ᠠᠮᠲᠠᠯᠠᠵᠤ᠂ ᠲᠤᠭᠳᠠᠬᠤ ᠰᠢᠶᠠᠨ ᠤ ᠣᠨᠴᠠ ᠭᠠᠷᠤᠯᠲᠠ ᠶᠢ ᠠᠮᠲᠠᠯᠠᠵᠤ︾᠂ ᠲᠤᠭᠳᠠᠬᠤ ᠰᠢᠶᠠᠨ ᠤ ᠵᠢᠭᠤᠯᠴᠢᠯᠠᠯ  ᠤᠨ ᠦᠶᠯᠡᠰ ᠤᠨ ᠬᠥᠭᠵᠢᠯᠲᠡ ᠶᠢ ᠪᠥᠬᠦ ᠣᠷᠣᠨ ᠪᠦᠰᠡ ᠶᠢᠨ ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ  ᠤᠨ ᠴᠢᠭᠯᠡᠯ ᠲᠡᠶᠢᠰᠢ ᠶᠡᠬᠡᠪᠡᠷ ᠠᠬᠢᠭᠤᠯᠬᠤ ᠬᠡᠷᠡᠭᠲᠡᠶ᠃ ᠲᠡᠷᠡ᠂ ᠬᠠᠲᠤᠨ ᠭᠤᠤᠯ ᠤᠨ ᠬᠠᠯᠢᠶ᠎ᠠ ᠶᠢᠨ ᠦᠶᠡᠷ ᠤᠨ ᠬᠤᠭᠤᠴᠠᠭᠠᠨ ᠳᠤ ᠲᠣᠬᠢᠶᠠᠯᠳᠤᠪᠠ᠂ ᠭᠤᠤᠯ ᠤᠨ ᠠᠮᠠ ᠶᠢᠨ ᠬᠠᠮᠢᠶᠠᠷᠤᠯᠲᠠ ᠶᠢᠨ ᠵᠥᠪᠯᠡᠯ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠰᠥᠩ ᠬᠠᠯᠢᠶ᠎ᠠ ᠶᠢ ᠰᠡᠷᠭᠡᠶᠢᠯᠡᠬᠦ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ᠂ ᠡᠳ᠋ ᠪᠣᠳᠠᠰ ᠤᠨ ᠨᠥᠭᠡᠴᠡᠯᠡᠯᠲᠡ ᠵᠡᠷᠭᠡ ᠠᠵᠢᠯ ᠢ ᠰᠠᠶᠢᠲᠤᠷ ᠬᠢᠵᠦ᠂ ᠬᠠᠲᠤᠨ ᠭᠤᠤᠯ ᠤᠨ ᠬᠠᠯᠢᠶ᠎ᠠ ᠶᠢᠨ ᠦᠶᠡᠷ ᠤᠨ ᠬᠤᠭᠤᠴᠠᠭ᠎ᠠ  ᠶᠢ ᠲᠣᠭᠲᠠᠭᠤᠨ ᠢᠶᠠᠷ ᠥᠩᠭᠡᠷᠡᠭᠦᠯᠬᠦ ᠶᠢ ᠪᠠᠲᠤᠯᠠᠬᠤ ᠬᠡᠷᠡᠭᠲᠡᠶ ᠭᠡᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1